︽ᠢᠯᠡᠴᠢᠯᠡᠬᠦ ᠲᠠᠪᠴᠠᠩ ᠤᠨ ᠬᠤᠶᠠᠳᠤᠭᠠᠷ ᠬᠤᠭᠤᠴᠠᠭ᠎ᠠ︾ ᠪᠣᠯᠪᠠᠰᠤᠨ ᠪᠤᠰᠤ ᠠᠵᠢᠯᠯᠠᠭ᠎ᠠ ᠳᠤ ᠰᠡᠳᠡᠯᠳᠡ ᠦᠭᠴᠦ ᠮᠠᠨ ᠤ ᠬᠤᠲᠠ ᠶᠢ ᠤᠯᠠᠮ ᠭᠤᠶᠤ ᠪᠤᠯᠭᠠᠶ᠎ᠠ
ᠨᠡᠶᠢᠲᠡᠯᠡᠭᠰᠡᠨ ᠴᠠᠭ᠄
2020/11/23
   ᠬᠤᠲᠠ ᠪᠤᠯᠪᠠᠰᠤᠨ ᠢᠶᠠᠷ ᠢᠶᠠᠨ ᠭᠤᠶᠤ ᠰᠠᠶᠢᠬᠠᠨ ᠪᠤᠯᠵᠤ᠂ ᠠᠷᠠᠳ ᠲᠦᠮᠡᠨ ᠬᠤᠲᠠ ᠶᠢᠨ ᠰᠠᠶᠢᠬᠠᠨ ᠢᠶᠠᠷ ᠢᠶᠠᠨ ᠤᠮᠤᠭᠰᠢᠵᠤ᠂ ᠪᠣᠯᠪᠠᠰᠤᠨ ᠦᠢᠯᠡ ᠠᠵᠢᠯᠯᠠᠭ᠎ᠠ ᠨᠢ ᠬᠤᠲᠠ ᠶᠢᠨ ᠨᠡᠷ᠎ᠡ ᠶᠢᠨ ᠬᠠᠭᠤᠳᠠᠰᠤ ᠪᠣᠯᠤᠨ᠎ᠠ᠃ ᠰᠠᠭᠤᠭᠠᠯᠢ ᠠᠷᠠᠳ ᠨᠢᠭᠡᠪᠦᠷᠢ ᠶᠢᠨ ᠠᠮᠢᠳᠤᠷᠠᠯ ᠳᠤᠮᠳᠠᠬᠢ ᠬᠥᠳᠡᠯᠦᠯ ᠪᠠᠷᠢᠯ ᠨᠢ ᠨᠢᠭᠡ ᠬᠤᠲᠠ ᠶᠢᠨ ᠪᠤᠯᠪᠠᠰᠤᠨ ᠤ ᠳᠡᠪᠢᠰᠬᠡᠷ ᠥᠩᠭᠡ ᠶᠢ ᠢᠯᠡᠷᠡᠬᠦᠯᠳᠡᠭ᠃
   ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠤᠯᠠᠭᠠᠨᠴᠠᠪ ᠬᠤᠲᠠ ᠶᠢᠨ ᠹᠧᠩᠴᠤᠸᠠᠨ ᠤ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ︽ᠪᠣᠯᠪᠠᠰᠤᠨ ᠬᠤᠲᠠ ᠶᠢᠨ ᠪᠣᠯᠪᠠᠰᠤᠨ ᠪᠤᠰᠤ ᠠᠵᠢᠯᠯᠠᠭ᠎ᠠ ᠶᠢ ᠢᠯᠡᠴᠢᠯᠡᠬᠦ ᠲᠠᠪᠴᠠᠩ︾ ᠭᠡᠬᠦ ᠲᠤᠰᠬᠠᠶ ᠪᠤᠯᠤᠩ ᠭᠠᠷᠭᠠᠵᠤ᠂ ᠰᠣᠨᠢᠨ ᠮᠡᠳᠡᠭᠡᠨ ᠤ ᠯᠧᠨᠰ ᠢᠶᠠᠷ ᠳᠠᠮᠵᠢᠨ ᠳᠡᠷᠭᠡᠳᠡᠬᠢ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠰᠢᠪᠠᠳᠠᠵᠤ᠂ ᠰᠡᠷᠡᠮᠵᠢᠯᠡᠭᠦᠯᠦᠨ ᠬᠥᠮᠦᠵᠢᠭᠦᠯᠬᠦ ᠦᠢᠯᠡᠳᠦᠯ ᠦᠵᠡᠭᠦᠯᠦᠨ᠂ ᠪᠦᠬᠦ ᠨᠡᠶᠢᠭᠡᠮ ᠳᠤ ︽ᠪᠣᠯᠪᠠᠰᠤᠨ ᠬᠤᠲᠠ ᠶᠢ ᠬᠦᠮᠦᠨ ᠪᠦᠬᠦᠨ ᠪᠠᠶᠢᠭᠤᠯᠵᠤ᠂ ᠬᠤᠲᠠ ᠶᠢ ᠰᠠᠶᠢᠳᠤᠷ ᠪᠦᠳᠦᠭᠡᠨ ᠪᠠᠶᠢᠭᠤᠯᠬᠤ ᠨᠢ ᠠᠷᠠᠳ ᠲᠦᠮᠡᠨ ᠤ ᠲᠦᠯᠦᠭᠡ︾  ᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠬᠤ ᠪᠠᠷ ᠵᠤᠷᠢᠯᠭ᠎ᠠ ᠪᠤᠯᠭᠠᠪᠠ  ᠃
   11 ᠰᠠᠷ᠎ᠠ ᠶᠢᠨ 10 ᠤ ᠡᠳᠦᠷ᠂ ᠰᠤᠷᠪᠤᠯᠵᠢᠯᠠᠭᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ ᠶᠢᠨ ᠠᠵᠢᠯᠲᠠᠨ ᠨᠠᠷ ᠲᠠᠢ ᠬᠠᠮᠲᠤᠷᠠᠨ ᠬᠦᠳᠡᠯᠦᠯᠴᠡᠵᠦ᠂ ᠳᠡᠷᠭᠡᠳᠡᠬᠢ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠬᠦᠯᠦᠭᠰᠡᠨ ᠪᠠ ᠰᠠᠭᠤᠭᠠᠯᠢ ᠠᠷᠠᠳ ᠤᠨ ᠢᠳᠡᠪᠬᠢᠲᠡᠢ ᠬᠦᠳᠡᠯᠦᠯᠴᠡᠨ ᠡᠳᠦᠷ ᠲᠤᠲᠤᠮ ᠤᠨ ᠠᠮᠢᠳᠤᠷᠠᠯ ᠳᠤᠮᠳᠠ ᠢᠯᠡᠷᠡᠭᠰᠡᠨ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠦᠵᠡᠰᠬᠦᠯᠡᠩᠲᠦ ᠰᠠᠶᠢᠬᠠᠨ ᠤᠷᠤᠨ ᠨᠤᠳᠤᠭ ᠢᠶᠠᠨ ᠪᠦᠲᠦᠭᠡᠨ ᠪᠠᠶᠢᠭᠤᠯᠬᠤ ᠳᠤ ᠭᠦᠴᠦᠨ  ᠨᠡᠮᠡᠷᠢᠯᠡᠬᠦ ᠶᠢ ᠰᠠᠨᠠᠭᠠᠴᠢᠯᠠᠪᠠ᠃                             ᠨᠠᠶᠢᠷᠠᠭᠤᠯᠤᠭᠴᠢ᠄ ᠵᠢᠶᠠ ᠷᠠᠨ ᠲᠦᠩ                             ᠤᠷᠴᠢᠭᠤᠯᠤᠭᠴᠢ᠄ ᠬᠠᠨ ᠰᠢᠶᠤᠤ ᠿᠦᠩ                             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3