ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠴᠠᠩ ᠴᠢᠩ ᠨᠡᠷ ᠮᠠᠨ ᠤ ᠬᠤᠲᠠ ᠶᠢᠨ ᠣᠷᠣᠰᠢᠭᠤᠯᠭ᠎ᠠ ᠶᠢᠨ ᠭᠠᠵᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/23
   11 ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠴᠠᠩ ᠴᠢᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠲᠠ ᠳᠤ  ᠰᠠᠭᠠᠳᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠮᠠᠨ ᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠣ᠋ ᠸᠧᠶ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠤᠯᠪᠠ᠃
   ᠸᠧᠶ ᠴᠠᠩ ᠴᠢᠩ ᠨᠡᠷ ᠤᠷᠢᠳ ᠬᠤᠵᠢᠳ ᠪᠠᠷᠢᠯᠭ᠎ᠠ ᠪᠠᠷᠢᠵᠤ ᠪᠠᠶᠢᠭ᠎ᠠ ᠴᠢᠶᠠᠨ ᠶᠠᠨ ᠯᠢᠩ ᠤᠨ ᠣᠷᠣᠰᠢᠭᠤᠯᠭ᠎ᠠ ᠶᠢᠨ ᠭᠠᠵᠠᠷ᠂ ᠾᠧᠢ ᠲᠤ ᠲᠠᠢ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ ᠳᠤ ᠭᠦᠨᠵᠡᠭᠡᠶᠢᠷᠡᠵᠦ᠂ ᠡᠯ᠎ᠡ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠬᠢᠨᠠᠮᠠᠭᠠᠶ ᠰᠣᠨᠣᠰᠪᠠ᠃ ᠴᠢᠶᠠᠨ ᠶᠠᠨ ᠯᠢᠩ ᠤᠨ ᠣᠷᠣᠰᠢᠭᠤᠯᠭ᠎ᠠ ᠶᠢᠨ ᠭᠠᠵᠠᠷ ᠢ 2019 ᠣᠨ ᠤ 4 ᠰᠠᠷ᠎ᠠ ᠳᠤ ᠵᠢᠩᠬᠢᠨᠢ ᠪᠠᠷ ᠪᠡᠯᠡᠳᠬᠡᠨ ᠪᠠᠶᠢᠭᠤᠯᠵᠤ᠂ ᠡᠵᠡᠯᠡᠬᠦ ᠲᠠᠯᠠᠪᠠᠶ ᠨᠢ 40000 ᠺᠦᠸᠠᠲ ᠮᠧᠲᠷ᠂ ᠪᠠᠷᠢᠯᠭ᠎ᠠ ᠶᠢᠨ ᠲᠠᠯᠠᠪᠠᠶ ᠨᠢ 1028 ᠺᠦᠸᠠᠲ ᠮᠧᠲᠷ ᠪᠠᠶᠢᠵᠤ᠂ ᠵᠢᠱᠢᠯᠲᠡ ᠪᠠᠷ 2021 ᠣᠨ ᠤ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠶᠢ ᠲᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠤᠨ᠎ᠠ᠃ ᠾᠧᠢ ᠲᠤ ᠲᠠᠢ ᠪᠠᠯᠭᠠᠰᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠤᠩᠬᠤᠨ 160 ᠮᠦ ᠭᠠᠵᠠᠷ ᠡᠵᠡᠯᠡᠵᠦ ᠪᠤᠢ᠃
   ᠸᠧᠶ ᠴᠠᠩ ᠴᠢᠩ ᠮᠠᠨ ᠤ ᠬᠤᠲᠠ ᠶᠢᠨ ᠣᠷᠣᠰᠢᠭᠤᠯᠭ᠎ᠠ ᠶᠢᠨ ᠭᠠᠵᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠩᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠳᠦᠮᠵᠢ ᠶᠢ ᠨᠤᠳᠠᠯᠠᠬᠤ ᠶᠢᠨ ᠲᠠᠭᠠᠤ ᠵᠢᠭᠠᠵᠤ ᠭᠠᠷᠭᠠᠭᠰᠠᠨ ᠨᠢ᠄ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠶᠠᠭ ᠡᠮᠬᠢ ᠵᠢᠷᠤᠮ ᠲᠠᠢ ᠪᠠᠷ ᠶᠠᠪᠤᠭᠳᠠᠵᠤ ᠪᠤᠢ᠂ ᠣᠷᠣᠰᠢᠭᠤᠯᠭ᠎ᠠ ᠶᠢᠨ ᠭᠠᠵᠠᠷ ᠤᠨ ᠭᠤᠤᠯ ᠴᠣᠭᠴᠠ ᠶᠢᠨ ᠪᠠᠷᠢᠯᠭ᠎ᠠ ᠶᠢᠨ ᠰᠠᠭᠤᠷᠢ ᠨᠢ ᠲᠡᠭ ᠮᠧᠲᠷ ᠠᠴᠠ ᠳᠠᠪᠠᠭᠰᠠᠨ ᠪᠤᠯᠪᠠᠴᠦ᠂ ᠤᠳᠤ ᠨᠢᠭᠡᠨᠲᠡ ᠡᠪᠦᠯ ᠤᠨ ᠤᠯᠠᠷᠢᠯ ᠪᠤᠯᠤᠬᠰᠠᠨ ᠤᠴᠢᠷ ᠠᠴᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠩᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠶ ᠴᠢᠭᠯᠡᠯᠳᠦ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠬᠤ ᠬᠡᠷᠡᠭᠲᠡᠶ᠃
                ᠨᠠᠶᠢᠷᠠᠭᠤᠯᠤᠭᠴᠢ᠄ ᠵᠠᠩ ᠾᠦᠢ                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3