︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠶ᠎ᠠ︾  ᠭᠡᠬᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠮᠠᠨ ᠤ ᠬᠤᠲᠠ ᠶᠢᠨ ᠺᠠᠳ᠋ᠷ ᠣᠯᠠᠨ ᠲᠦᠮᠡᠨ ᠦᠷᠭᠦᠯᠵᠢᠯᠡᠨ ᠬᠥᠭᠵᠢᠶᠡᠨᠲᠡᠶ ᠶᠠᠷᠢᠯᠴᠠᠵᠤ ᠪᠤᠢ
ᠨᠡᠶᠢᠲᠡᠯᠡᠭᠰᠡᠨ ᠴᠠᠭ᠄
2020/11/23
   ᠬᠡᠳᠦᠨ ᠡᠳᠦᠷ ᠤᠨ ᠲᠤᠷᠰᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠨᠢ ᠮᠠᠨ ᠤ ᠬᠤᠲᠠ ᠶᠢᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠬᠤ ᠥᠷᠨᠢᠯᠲᠡ ᠶᠢ ᠦᠳᠲᠡᠷ ᠲᠦᠷᠭᠡᠨ ᠪᠣᠢ ᠪᠣᠯᠭᠠᠪᠠ᠃ ᠣᠯᠠᠨ ᠢᠶᠠᠷ ᠢᠶᠠᠨ ᠪᠦᠯᠬᠦᠮᠳᠡᠨ ᠨᠢᠭᠳᠠᠷᠠᠨ ᠡᠷᠡᠯᠬᠡᠭᠯᠡᠨ ᠤᠷᠤᠭᠰᠢᠯᠠᠵᠤ᠂ ᠢᠷᠡᠭᠡᠳᠦᠶ ᠶᠢᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠭᠡᠶᠢᠯᠡᠵᠡᠭᠡᠪᠡ    ᠪᠥᠬᠦᠳᠡ ᠬᠤᠷᠠᠯ ᠠᠴᠠ 2035ᠤᠨ ᠤ ᠠᠯᠤᠰ ᠤᠨ ᠬᠠᠷᠠᠯᠲᠠ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠯᠡᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢᠨ ᠲᠣᠬᠢᠷᠠᠭᠤᠯᠤᠯᠲᠠ ᠳᠤᠮᠳᠠ ︽ᠠᠷᠠᠳ ᠤᠨ ᠠᠮᠢᠳᠤᠷᠠᠯ ᠢ ᠨᠡᠩ ᠰᠠᠶᠢᠨ ᠰᠠᠶᠢᠬᠠᠨ ᠪᠤᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ︾ ᠭᠡᠵᠦ ᠤᠷᠢᠶᠠᠯᠠᠨ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠤᠯᠠᠨ ᠢ ᠶᠡᠬᠡᠳᠡ ᠵᠣᠷᠢᠭᠵᠢᠭᠤᠯᠵᠤ᠂ ᠴᠤᠭ ᠰᠦᠯᠳᠡ ᠶᠢ ᠨᠢ ᠬᠦᠭᠵᠢᠭᠡᠪᠡ᠃
   ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ ᠠᠵᠢᠯᠯᠠᠭᠴᠢ ᠵᠤᠤ ᠶᠤᠸᠠᠢ — ᠪᠥᠬᠦᠳᠡ ᠬᠤᠷᠠᠯ ᠤᠨ ᠠᠯᠪᠠᠨ ᠮᠡᠳᠡᠭᠡ ᠳᠤ ᠳᠤᠷᠠᠳᠤᠭᠰᠠᠨ ᠨᠢ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠲᠤᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠠᠪᠴᠤ ᠬᠡᠯᠡᠪᠡᠯ᠂ ᠨᠠᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠬᠥᠲᠥᠯᠥᠨ ᠵᠢᠯᠣᠭᠤᠳᠴᠤ᠂ ᠠᠷᠠᠳ ᠲᠦᠮᠡᠨ ᠳᠤ  ᠦᠢᠯᠡᠴᠢᠯᠡᠬᠦ ᠶᠢ ᠳᠣᠪᠤᠶᠢᠯᠭᠠᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠦᠨᠡᠨ ᠬᠦ ᠨᠡᠪᠲᠡᠷᠡᠭᠦᠯᠦᠨ᠎ᠡ᠃
   ᠵᠢᠤᠢ ᠪᠦᠦ ᠵᠤᠸᠠᠩ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠤᠨ ᠡᠷᠬᠢᠯᠡᠭᠴᠢ ᠯᠢᠶᠠᠩ ᠮᠢᠩ ᠱᠧᠩ — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ᠂ ᠲᠠᠷᠢᠶᠠᠯᠠᠩ ᠪᠠ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ ᠬᠡᠵᠦ ᠵᠢᠭᠠᠵᠤ ᠭᠠᠷᠭᠠᠭᠰᠠᠨ ᠨᠢ ᠮᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠲᠥᠯᠪᠦᠷᠢ ᠶᠢ ᠲᠣᠭᠲᠠᠭᠠᠵᠤ᠂ ᠰᠢᠨ᠎ᠡ ᠠᠶᠠᠯᠠᠯ ᠤᠨ ᠴᠢᠭᠯᠡᠯ ᠢ ᠲᠣᠳᠣᠷᠬᠠᠢ ᠵᠢᠭᠠᠵᠤ ᠦᠭᠪᠡ᠃ ᠪᠢᠳᠡ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠲᠠᠢ ᠵᠡᠷᠭᠡᠪᠡᠷ ᠠᠬᠢᠭᠤᠯᠤᠨ᠎ᠠ᠃
   ᠵᠢᠤᠢ ᠪᠦᠦ ᠵᠤᠸᠠᠩ ᠪᠠᠯᠭᠠᠰᠤᠨ ᠤ ᠮᠠ ᠵᠢᠶᠠ ᠺᠦ᠋ ᠯᠢᠶᠠᠨ ᠲᠣᠰᠬᠤᠨ ᠤ ᠨᠠᠮ ᠤᠨ ᠡᠭᠦᠷ ᠤᠨ ᠱᠦᠵᠢ ᠰᠢᠩ ᡁᠢ ᠶᠦᠩ — ᠪᠥᠬᠦᠳᠡ ᠬᠤᠷᠠᠯ ᠠᠴᠠ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠬᠠᠮᠠᠭᠠᠯᠠᠬᠤ ᠪᠠ ᠬᠥᠭᠵᠢᠭᠦᠯᠬᠦ ᠪᠠᠷ ᠬᠥᠭᠵᠢᠯᠲᠡ ᠶᠢᠨ ᠡᠭᠦᠰᠦᠯᠲᠡ ᠪᠠ ᠦᠷ᠎ᠡ ᠳ᠋ᠦᠩ ᠪᠣᠯᠭᠠᠬᠤ ᠶᠢ ᠪᠠᠷᠢᠮᠲᠠᠯᠠᠨ᠎ᠠ ᠭᠡᠵᠦ ᠳᠤᠷᠠᠳᠤᠨ ᠭᠠᠷᠭᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠪᠡ᠃ ᠮᠠᠨ ᠤ ᠲᠣᠰᠬᠤᠨ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠪᠣᠳᠠᠲᠠᠶ ᠬᠦᠴᠦᠯᠡᠵᠦ᠂ ᠬᠦᠴᠢᠷ ᠪᠡᠷᠬᠡᠰᠢᠶᠡᠯ ᠤᠨ ᠳᠤᠮᠳᠠ ᠠᠴᠠ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠲᠠᠢ ᠪᠣᠯᠭᠠᠨ᠎ᠠ᠃    ᠡᠯ᠎ᠡ ᠹᠷᠣᠨᠲ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠬᠤᠶᠢᠰᠢᠳᠠ ᠶᠢᠨ ᠠᠵᠢᠯ ᠲᠠᠢ ᠨᠢᠭᠲᠠ‌ᠤᠶᠠᠯᠳᠤᠭᠤᠯᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠪᠤᠢ ᠪᠤᠯᠭᠠᠨ᠎ᠠ ᠬᠡᠵᠡᠬᠡᠪᠡ᠃
   ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠳᠡᠳ᠋ ᠱᠦᠵᠢ᠂ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ ᠫᠠᠨ ᠳ᠋ᠦᠩ — ᠰᠢᠭᠦᠬᠦ ᠬᠤᠷᠢᠶᠠᠨ ᠤ ᠨᠢᠭᠡᠨ ᠨᠠᠮ ᠤᠨ ᠭᠡᠰᠢᠭᠦᠨ ᠺᠠᠳ᠋ᠷ ᠴᠠᠭᠳᠠᠭ᠎ᠠ ᠪᠣᠯᠤᠭᠰᠠᠨ ᠤ ᠬᠤᠪᠢ ᠳᠤ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠯᠡᠭᠡ︾ ᠶᠢᠨ ᠬᠤᠭᠤᠴᠠᠭᠠᠨ ᠳᠤ ᠠᠵᠤ ᠠᠬᠤᠶ ᠶᠢᠨ ᠲᠣᠭᠲᠠᠭᠤᠨ ᠢᠶᠠᠷ ᠠᠯᠤᠰ ᠢ ᠵᠣᠷᠢᠵᠤ᠂ ᠨᠡᠶᠢᠭᠡᠮ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠶᠢ ᠪᠡᠶᠡᠯᠡᠭᠦᠯᠬᠦ ᠶᠢᠨ ᠲᠥᠯᠥᠭᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠬᠢᠵᠦ᠂ ᠰᠠᠶᠢᠨ ᠠᠯᠬᠤᠬᠤ ᠳᠤ ᠬᠠᠤᠯᠢ ᠪᠠᠷᠢᠬᠤ ᠬᠦᠴᠦᠲᠡᠶ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭᠳᠡᠢ ᠭᠡᠪᠡ᠃
   ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠬᠤᠤ ᠭᠠᠢ ᠶᠠᠨ — ᠮᠠᠨ ᠤ ᠤᠢ ᠰᠢᠭᠤᠢ ᠡᠪᠡᠰᠦ ᠪᠡᠯᠴᠢᠭᠡᠷ ᠤᠨ ᠰᠢᠰᠲ᠋ᠧᠮ ᠤᠨ ᠺᠠᠳ᠋ᠷ ᠠᠵᠢᠯᠳᠠᠨ ᠠᠵᠢᠯᠴᠢᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠷᠮᠠᠶᠢᠯᠭ᠎ᠠ  ᠭᠠᠷᠭᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠲᠠᠪᠰᠢᠯᠳᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠬᠦᠵᠡᠬᠡᠶ᠎ᠡ ᠬᠡᠪᠡ᠃                           ᠨᠠᠶᠢᠷᠠᠭᠤᠯᠤᠭᠴᠢ᠄ ᠵᠠᠩ ᠾᠦᠢ                           ᠤᠷᠴᠢᠭᠤᠯᠤᠭᠴᠢ᠄ ᠬᠠᠨ ᠰᠢᠶᠤᠤ ᠿᠦᠩ                           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3