| ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠬᠡᠳᠭᠡᠨ᠂ ᠺᠠᠳ᠋ᠷᠴᠤᠳ ᠤᠨ ᠠᠵᠢᠯ ᠤᠨ ᠰᠠᠬᠢᠯᠭ᠎ᠠ ᠪᠠᠲᠤ ᠪᠠ | ᠣᠪᠣᠷ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠢ ᠨᠡᠩ ᠰᠠᠶᠢᠲᠤᠷ ᠪᠡᠶᠡᠯᠡᠭᠦᠯᠬᠦ ᠬᠡᠷᠡᠭᠳᠡᠢ᠃ 11 | ᠰᠠᠷ᠎ᠠ ᠶᠢᠨ 16 ᠤ ᠡᠳᠦᠷ᠂ ᠬᠤᠲᠠ ᠶᠢᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠷᠠᠯ ᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠷᠧᠨ ᠯᠢ | ᠱᠧᠩ ᠡᠷᠬᠢᠯᠡᠵᠤ᠂ ᠬᠡᠷᠡᠭ ᠡᠷᠬᠢᠯᠡᠬᠦ ᠭᠠᠵᠠᠷ ᠤᠨ ᠪᠦᠬᠦ ᠺᠠᠳ᠋ᠷ ᠠᠵᠢᠯᠳᠠᠨ ᠠᠵᠢᠯᠴᠢᠳ ᠬᠤᠷᠠᠯ ᠳᠤ ᠣᠷᠣᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠨᠢᠭᠡᠨᠲᠡ | ᠡᠬᠢᠯᠡᠵᠦ᠂ ᠪᠢᠳᠡ ᠵᠠᠪᠠᠯ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠠᠷᠢᠯᠢᠭ ᠪᠣᠳᠠᠲᠠᠢ | ᠬᠢᠵᠦ᠂ ᠬᠡᠷᠡᠭ ᠡᠷᠬᠢᠯᠡᠬᠦ ᠭᠠᠵᠠᠷ ᠤᠨ ᠪᠠᠶᠢᠭᠤᠯᠭ᠎ᠠ ᠶᠢᠨ ᠡᠯ᠎ᠡ ᠬᠠᠪᠰᠤᠷᠤᠨ ᠲᠡᠳᠬᠦᠬᠦ ᠬᠠᠷᠢᠭᠤᠴᠠᠯᠭᠠᠲᠠᠳ | ᠬᠠᠮᠲᠤ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠡᠨ ᠠᠴᠠ ᠵᠥᠪ ᠢ ᠡᠷᠢᠬᠦ | ᠵᠠᠷᠴᠢᠮ ᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠴᠢᠩᠭᠠᠳᠬᠠᠵᠤ᠂ ᠡᠯ᠎ᠡ ᠡᠷᠦᠬᠡ ᠶᠢᠨ ᠭᠡᠷ ᠪᠦᠯᠢ ᠶᠢᠨ ᠪᠠᠶᠢᠳᠠᠯ ᠪᠠ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠨᠠᠷᠢᠨ ᠡᠵᠡᠮᠰᠢᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠦᠵᠡᠯ ᠰᠠᠨᠠᠭᠠᠨ ᠤ ᠬᠥᠳᠡᠯᠦᠯ ᠪᠠᠶᠢᠳᠠᠯ ᠢ | ᠴᠠᠭ ᠢᠮᠠᠭᠲᠠ ᠡᠵᠡᠮᠰᠢᠨ᠂ ᠶᠠᠳᠠᠭᠤ ᠶᠢ ᠲᠡᠳᠬᠦᠬᠦ ᠦᠷ᠎ᠡ ᠪᠦᠲᠦᠮᠵᠢ ᠶᠢ ᠬᠢᠨᠠᠨ ᠰᠢᠯᠭᠠᠬᠤ ᠠᠵᠢᠯ ᠳᠤ ᠪᠥᠬᠦ | ᠬᠦᠴᠦᠨ ᠢᠶᠠᠷ ᠢᠶᠠᠨ ᠰᠠᠶᠢᠲᠤᠷ ᠬᠠᠮᠵᠢᠯᠴᠠᠬᠤ ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠺᠠᠳ᠋ᠷᠴᠤᠳ ᠤᠨ ᠠᠵᠢᠯ ᠤᠨ ᠰᠠᠬᠢᠯᠭ᠎ᠠ ᠪᠠᠲᠤ ᠶᠢ ᠰᠠᠶᠢᠲᠤᠷ | ᠠᠳᠬᠤᠬᠤ ᠨᠢ ᠡᠯ᠎ᠡ ᠵᠦᠢᠯ ᠤᠨ ᠠᠵᠢᠯ ᠢ ᠦᠷᠨᠢᠭᠦᠯᠬᠦ ᠶᠢ ᠪᠠᠲᠤᠯᠠᠬᠤ ᠰᠠᠭᠤᠷᠢ ᠪᠠᠶᠢᠵᠦ᠂ ᠪᠦᠬᠦ ᠺᠠᠳ᠋ᠷ ᠠᠵᠢᠯᠴᠢᠳ | ᠬᠡᠷᠡᠭ ᠡᠷᠭᠢᠯᠡᠬᠦ ᠭᠠᠵᠠᠷ ᠤᠨ ᠠᠵᠢᠯ ᠳᠤ ᠭᠠᠷᠬᠤ ᠶᠢ ᠰᠢᠯᠭᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠠᠵᠢᠯ ᠳᠤ ᠭᠠᠷᠬᠤ ᠬᠠᠮᠢᠶᠠᠷᠤᠯᠲᠠ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠵᠤ᠂ ᠳᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠰᠠᠶᠢᠨ ᠰᠠᠶᠢᠬᠠᠨ ᠳᠠᠳᠬᠠᠯ ᠢ ᠤᠯᠠᠮ ᠨᠢᠭᠡ ᠠᠯᠬᠤᠮ ᠪᠤᠢ ᠪᠤᠯᠭᠠᠨ᠂ ᠨᠠᠩ | ᠪᠦᠯᠬᠦᠮᠳᠡᠯ ᠲᠠᠢ᠂ ᠲᠥᠪ ᠴᠢᠩᠭ᠎ᠠ ᠪᠥᠭᠡᠳ ᠴᠣᠪᠣᠭᠤᠯᠢᠭ ᠠᠵᠢᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ | ᠃ ᠢᠯᠠᠩᠭᠤᠶ᠎ᠠ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ᠠᠵᠢᠯᠲᠠᠨ ᠡᠷᠬᠡᠪᠰᠢ ᠪᠡᠶ᠎ᠡ ᠪᠠᠨ | ᠪᠠᠷᠢᠵᠤ ᠪᠤᠰᠤᠳ ᠢ ᠪᠢᠰᠢᠷᠡᠭᠦᠯᠬᠦ᠂ ᠪᠡᠶ᠎ᠡ ᠪᠠᠷ ᠢᠶᠠᠨ ᠲᠦᠷᠦᠭᠦᠯᠡᠨ ᠪᠤᠰᠤᠳ ᠢ ᠳᠠᠭᠠᠭᠤᠯᠬᠤ ᠵᠠᠷᠴᠢᠮ ᠢ ᠪᠠᠷᠢᠮᠲᠠᠯᠠᠵᠤ | ᠂ ᠥᠪᠡᠷ ᠢ ᠪᠠᠨ ᠴᠢᠩᠭ᠎ᠠ ᠱᠠᠭᠠᠷᠳᠠᠨ᠂ ᠠᠵᠢᠯᠯᠠᠵᠤ ᠠᠮᠠᠷᠠᠬᠤ ᠴᠠᠭ ᠢ ᠲᠦᠷᠦᠭᠦᠯᠡᠨ ᠵᠢᠷᠤᠮᠯᠠᠨ ᠰᠠᠬᠢᠬᠤ᠂ | ᠠᠵᠢᠯ ᠤᠨ ᠪᠠᠶᠢᠷᠢ ᠪᠠᠨ ᠲᠦᠷᠦᠭᠦᠯᠡᠨ ᠪᠠᠲᠤ ᠰᠠᠬᠢᠬᠤ᠂ ᠳᠦᠷᠢ ᠲᠥᠷᠬᠦ ᠶᠢ ᠲᠦᠷᠦᠭᠦᠯᠡᠨ ᠪᠣᠶ ᠪᠣᠯᠭᠠᠬᠤ ᠥᠯᠢᠭᠡᠷ | ᠳᠠᠭᠤᠷᠢᠶᠠᠯ ᠤᠨ ᠦᠢᠯᠡᠳᠦᠯ ᠢ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠶ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |