ᠹᠧᠩᠵᠧᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ 2020 ᠣᠨ ᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠤᠭᠲᠤᠬᠤ ᠶᠣᠰᠣᠯᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/11/24
     ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠬᠡᠯᠳᠡᠰ ᠵᠢᠴᠢ ᠳᠡᠭᠡᠳᠦ ᠱᠠᠲᠤᠨ ᠤ ᠴᠡᠷᠢᠭ ᠤᠨ ᠠᠯᠪᠠ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ︽ᠲᠠᠪᠤ ᠶᠢ ᠬᠠᠯᠠᠮᠵᠢᠯᠠᠬᠤ︾ ︽ᠵᠢᠷᠭᠤᠭᠠᠨ ᠵᠠᠪᠠᠯ ᠰᠤᠷᠪᠤᠯᠵᠢᠯᠠᠬᠤ︾ ᠲᠤᠬᠠᠶ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠴᠡᠷᠢᠭ ᠢ ᠬᠦᠨᠳᠦᠳᠬᠡᠨ ᠪᠢᠰᠢᠷᠡᠬᠦ᠂ ᠴᠡᠷᠢᠭ ᠠᠴᠠ ᠬᠠᠯᠠᠭᠳᠠᠭᠰᠠᠳ ᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ  ᠪᠤᠯᠭᠠᠬᠤ ᠶᠢᠨ ᠲᠦᠯᠦᠭᠡ᠂ 11 ᠰᠠᠷ᠎ᠠ ᠶᠢᠨ 17 ᠤ ᠡᠳᠦᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠵᠡᠷᠭᠡ ᠨᠢᠭᠡᠴᠡ ᠲᠠᠢ ᠬᠠᠮᠲᠤᠷᠠᠨ᠂ ᠹᠧᠩᠵᠧᠨ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ 2020 ᠤᠨ ᠤ ᠴᠡᠷᠢᠭ ᠤᠨ  ᠠᠯᠪᠠᠨ ᠠᠴᠠ ᠬᠠᠯᠠᠭᠳᠠᠭᠰᠠᠨ ᠪᠠᠶᠢᠯᠳᠤᠭᠴᠢᠳ ᠢ ᠤᠭᠲᠤᠬᠤ ᠶᠣᠰᠣᠯᠠᠯ ᠶᠠᠪᠤᠭᠤᠯᠪᠠ᠃
   ᠶᠣᠰᠣᠯᠠᠯ ᠳᠡᠭᠡᠷ᠎ᠡ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢ ᠱᠤ᠋ ᠬᠤᠩ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠨᠤᠲᠤᠭ ᠲᠠᠭᠠᠨ ᠪᠤᠴᠠᠭᠰᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠳᠡᠨ ᠢ ᠣᠷᠣᠨ ᠨᠤᠲᠤᠭ ᠲᠠᠭᠠᠨ ᠪᠤᠴᠠᠭᠰᠠᠨ ᠤ ᠳᠠᠷᠠᠭ᠎ᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠠᠯᠠᠮᠵᠢᠯᠠᠵᠦ᠂ ᠴᠡᠷᠢᠭ ᠬᠥᠮᠦᠨ ᠤ ᠡᠷᠡᠰ ᠬᠠᠲᠠᠭᠤ ᠬᠠᠷᠢᠭᠤᠴᠠᠯᠭ᠎ᠠ ᠡᠭᠦᠷᠭᠡᠯᠡᠬᠦ ᠰᠠᠶᠢᠨ ᠰᠠᠶᠢᠬᠠᠨ ᠵᠠᠩ ᠴᠢᠨᠠᠷ ᠢ ᠪᠠᠷᠢᠮᠳᠠᠯᠠᠨ᠂ ᠴᠡᠷᠢᠭ ᠠᠴᠠ ᠬᠠᠯᠠᠭᠳᠠᠭᠰᠠᠨ ᠴᠤ ᠴᠢᠨᠠᠷ ᠢᠶᠠᠨ ᠠᠯᠳᠠᠬᠤ ᠥᠬᠡᠶ ᠪᠠᠶᠢᠵᠤ᠂ ᠨᠤᠲᠤᠭ ᠤᠨ ᠢᠶᠠᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠬᠡᠷᠡᠢ ᠭᠡᠵᠦ ᠵᠤᠷᠢᠭᠵᠢᠭᠤᠯᠪᠠ᠃ ᠬᠠᠮᠤᠭ ᠤᠨ ᠰᠡᠭᠦᠯ ᠳᠤ᠂ ᠯᠢ ᠱᠣ᠋ ᠬᠤᠩ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠪᠦᠬᠦ ᠺᠠᠳ᠋ᠷ ᠠᠵᠢᠯᠳᠠᠳ ᠢ ᠲᠥᠯᠥᠭᠡᠯᠡᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠨ᠂ ᠮᠠᠨ ᠤ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ ᠬᠡᠵᠦ ᠠᠮᠠᠯᠠᠪᠠ᠃    ᠲᠤᠰ ᠤᠳᠠᠭᠠᠨ ᠤ ᠤᠭᠲᠤᠬᠤ ᠶᠣᠰᠣᠯᠠᠯ ᠳᠤ ᠣᠷᠣᠯᠴᠠᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠴᠡᠷᠢᠭ ᠲᠤ ᠤᠷᠤᠬᠤ ᠪᠠ ᠬᠠᠯᠠᠭᠳᠠᠬᠤ ᠦᠶ᠎ᠡ ᠳᠤ ᠪᠦᠷ ᠬᠦᠨᠳᠦᠳᠭᠡᠯ ᠢ ᠬᠦᠷᠳᠡᠭᠰᠡᠨ ᠰᠡᠳᠭᠢᠯᠭᠡ ᠪᠠᠨ ᠢᠯᠡᠳᠭᠡᠭᠰᠡᠨ ᠮᠦᠷᠳᠡᠭᠡᠨ ᠬᠤᠶᠢᠰᠢᠳᠠ ᠶᠢᠨ ᠠᠵᠢᠯ ᠤᠨ ᠪᠠᠶᠢᠷᠢ ᠳᠡᠭᠡᠷ᠎ᠡ ᠳᠠᠬᠢᠨᠲᠠ ᠰᠢᠯᠢᠳᠡᠭ ᠠᠮᠵᠢᠯᠲᠠ ᠣᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠤᠨ᠂ ᠨᠤᠲᠤᠭ ᠤᠨ ᠠᠵᠤ ᠠᠬᠤᠶ ᠪᠠ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠭᠡᠶᠢᠯᠡᠵᠡᠭᠡᠪᠡ᠃                   ᠤᠷᠴᠢᠭᠤᠯᠤᠭᠴᠢ᠄ ᠬᠠᠨ ᠰᠢᠶᠤᠤ ᠿᠦᠩ                   ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3