ᠮᠠᠨ ᠤ ᠬᠤᠲᠠ ︽ᠵᠠᠯᠠᠭᠤᠴᠤᠳ ᠤᠨ ᠦᠢᠯᠡᠰ ᠪᠣᠰᠬᠠᠬᠤ ᠬᠤᠯᠪᠣᠭ᠎ᠠ︾ ᠶᠢᠨ ᠪᠦᠯᠬᠦᠮ ᠢ ᠪᠠᠶᠢᠭᠤᠯᠪᠠ
ᠨᠡᠶᠢᠲᠡᠯᠡᠭᠰᠡᠨ ᠴᠠᠭ᠄
2020/11/24
     11 ᠰᠠᠷ᠎ᠠ ᠶᠢᠨ 13 ᠤ ᠡᠳᠦᠷ᠂ ᠡᠪᠯᠡᠯ ᠤᠨ ᠬᠤᠷᠢᠶ᠎ᠠ ᠶᠢᠨ ︽ᠹᠧᠩᠵᠧᠨ ᠬᠤᠲᠠ ᠶᠢᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠬᠤᠯᠪᠣᠭ᠎ᠠ︾ ᠪᠠᠶᠢᠭᠤᠯᠤᠭᠳᠠᠬᠤ ᠶᠡᠭᠡ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠨᠢ ᠮᠠᠨ ᠤ ᠬᠤᠲᠠ ᠶᠢᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠬᠤᠯᠪᠣᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠤᠢ᠃
   ᠹᠧᠩᠵᠧᠨ ᠬᠤᠲᠠ ᠶᠢᠨ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠬᠤᠯᠪᠣᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠵᠠᠯᠠᠭᠤᠴᠤᠳ ᠢ ᠲᠦᠰᠢᠭᠯᠡᠵᠦ᠂ ︽ᠬᠥᠮᠦᠵᠢᠭᠦᠯᠬᠦ︾ ᠪᠠᠷ ᠭᠤᠣᠯ ᠪᠤᠯᠭᠠᠨ᠂ ᠵᠠᠯᠠᠭᠤᠴᠤᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠵᠢᠯ ᠢ ᠠᠭᠤᠰᠤᠯᠴᠠᠭᠤᠯᠬᠤ ᠪᠠ ᠬᠦᠴᠦᠨ ᠢ ᠨᠢᠭᠲᠠᠷᠠᠭᠤᠯᠬᠤ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠵᠠᠯᠠᠭᠤᠴᠤᠳ ᠪᠣᠯᠤᠨ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠴᠦᠨ ᠵᠦᠢᠯ ᠲᠠᠢ ᠥᠷᠭᠡᠨ ᠢᠶᠠᠷ ᠬᠠᠷᠢᠯᠴᠠᠵᠤ᠂ ᠵᠠᠯᠠᠭᠤ ᠦᠢᠯᠡᠰ ᠴᠣᠭᠴᠠᠯᠠᠭᠴᠢᠳ ᠲᠤ ᠬᠦᠴᠦᠲᠡᠶ ᠲᠠᠪᠴᠠᠩ ᠬᠠᠩᠭᠠᠨ᠂ ᠰᠦᠯᠵᠢᠶᠡᠨ ᠳᠡᠭᠡᠷ᠎ᠡ ᠬᠥᠭᠵᠢᠶᠡᠨᠲᠡᠶ᠂ ᠬᠠᠷᠢᠯᠴᠠᠨ  ᠦᠢᠯᠡᠳᠦᠯᠴᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠨᠢᠭᠲᠠ ᠬᠠᠷᠢᠯᠴᠠᠭ᠎ᠠ ᠲᠠᠢ ᠦᠢᠯᠡᠰ ᠴᠣᠭᠴᠠᠯᠠᠬᠤ ᠵᠠᠯᠠᠭᠤ ᠴᠢᠳᠠᠪᠤᠷᠢᠲᠠᠨ ᠤ ᠨᠡᠶᠢᠭᠡᠮ ᠤᠨ ᠪᠦᠯᠬᠦᠮ ᠪᠠ ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠵᠠᠩᠭᠢᠯᠠᠭ᠎ᠠ ᠶᠢᠨ ᠬᠡᠯᠪᠡᠷᠢ ᠶᠢᠨ ᠵᠣᠬᠢᠶᠠᠨ ᠪᠠᠶᠢᠭᠤᠯᠤᠯᠲᠠ ᠶᠢ ᠬᠦᠴᠦᠯᠡᠨ ᠬᠠᠩᠭᠠᠨ᠎ᠠ᠃ ᠪᠠᠰᠠ ︽ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠪᠠᠭᠰᠢ ᠶᠢᠨ ᠪᠦᠯᠬᠦᠮ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠤᠯᠪᠣᠭ᠎ᠠ᠂ ᠵᠠᠯᠠᠭᠤᠴᠤᠳ ᠤᠨ ᠡᠯᠧᠺᠲᠷᠣᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠬᠤᠯᠪᠣᠭ᠎ᠠ︾ ᠭᠡᠬᠦ ᠭᠤᠷᠪᠠᠨ ᠰᠠᠯᠪᠤᠷᠢ  ᠪᠠᠶᠢᠭᠤᠯᠤᠮᠵᠢ ᠭᠠᠷᠭᠠᠵᠤ᠂ ᠵᠣᠷᠢᠭᠲᠠᠶ ᠵᠠᠯᠠᠭᠤᠴᠤᠳ ᠢ ᠡᠯ᠎ᠡ ᠠᠵᠢᠯ ᠲᠥᠷᠥᠯ ᠳᠤ ᠨᠠᠩ ᠰᠠᠶᠢᠨ ᠦᠢᠯᠡᠰ ᠴᠤᠭᠴᠠᠯᠠᠵᠤ ᠠᠵᠢᠯ ᠣᠯᠬᠤ ᠬᠦᠰᠡᠯᠡᠩ ᠢᠶᠠᠨ ᠪᠡᠶᠡᠯᠡᠭᠦᠯᠬᠦ᠂ ᠥᠷᠭᠡᠨ ᠣᠯᠠᠨ ᠬᠦᠰᠡᠯ ᠵᠣᠷᠢᠯᠲᠠ ᠲᠠᠢ ᠵᠠᠯᠠᠭᠤᠴᠤᠳ ᠢ ᠪᠥᠬᠦ ᠬᠤᠲᠠ ᠶᠢᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠣᠷᠣᠯᠴᠠᠭᠤᠯᠵᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠵᠢᠯᠤᠭᠤᠳᠴᠤ ᠪᠤᠢ᠃
                 ᠵᠣᠬᠢᠶᠠᠭᠴᠢ᠄ ᠸᠧᠶ ᠸᠧᠶ                  ᠤᠷᠴᠢᠭᠤᠯᠤᠭᠴᠢ᠄ ᠬᠠᠨ ᠰᠢᠶᠤᠤ ᠿᠦᠩ                  ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3