| ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠨᠢ ︽ᠬᠠᠤᠯᠢ | ᠬᠡᠷᠡᠭᠵᠢᠭᠦᠯᠬᠦ ᠭᠤᠣᠯ ᠴᠣᠭᠴᠠ︾ ᠶᠢᠨ ᠬᠢᠷᠢ ᠬᠡᠮ ᠲᠠᠢ ᠪᠠᠶᠢᠬᠤ ᠪᠤᠯᠪᠠᠴᠦ ︽ᠦᠨᠡᠮᠯᠡᠯ ᠦᠭᠡᠢ ᠪᠠᠷ ᠬᠠᠤᠯᠢ | ᠬᠡᠷᠡᠭᠵᠢᠭᠦᠯᠵᠦ ᠪᠠᠶᠢᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠪᠦᠬᠦ ᠬᠤᠲᠠ ᠶᠢᠨ ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ | ᠰᠢᠯᠭᠠᠯᠲᠠ ᠳᠤ ᠬᠢᠷᠢ ᠲᠡᠩᠴᠡᠭᠰᠡᠨ ᠨᠣᠷᠮ᠎ᠠ ᠶᠢ ᠳᠡᠭᠡᠭᠰᠢᠯᠡᠭᠦᠯᠵᠦ᠂ ᠠᠯᠢ ᠲᠦᠷᠭᠡᠨ ᠢᠶᠠᠷ ᠦᠨᠡᠮᠯᠡᠯ ᠲᠠᠢ ᠪᠠᠷ | ᠠᠵᠢᠯ ᠤᠨ ᠪᠠᠶᠢᠷᠢ ᠳᠤ ᠭᠠᠷᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠦᠷᠢᠮᠵᠢᠭᠦᠯᠬᠦ᠂ ᠵᠢᠷᠤᠮᠵᠢᠭᠤᠯᠬᠤ ᠪᠠ ᠬᠠᠤᠯᠢᠵᠢᠭᠤᠯᠬᠤ ᠶᠢ | ᠠᠬᠢᠭᠤᠯᠬᠤ ᠶᠢᠨ ᠲᠦᠯᠦᠭᠡ᠂ ᠹᠧᠩᠵᠧᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠤᠯᠠᠭᠠᠨᠴᠠᠪ ᠬᠤᠲᠠ ᠶᠢᠨ | ᠬᠠᠤᠯᠢ ᠴᠠᠭᠠᠵᠠ ᠶᠢᠨ ᠲᠣᠪᠴᠢᠶ᠎ᠠ ᠶᠢᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠪᠣᠯᠪᠠᠰᠤᠷᠠᠭᠤᠯᠤᠯ ᠢ ᠰᠢᠶᠠᠨ ᠤ ᠱᠠᠲᠤᠨ ᠳᠤ ᠪᠠᠭᠤᠯᠭᠠᠵᠤ | ᠦᠷᠨᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ 2020 ᠣᠨ ᠤ 10 ᠰᠠᠷ᠎ᠠ ᠶᠢᠨ 29 ᠤ ᠡᠳᠦᠷ ᠪᠥᠬᠦ | ᠬᠤᠲᠠ ᠶᠢᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ | ᠬᠢᠷᠢ ᠬᠡᠮ ᠢ ᠭᠡᠷᠡᠴᠢᠯᠡᠬᠦ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠪᠡ᠃ ᠪᠥᠬᠦ ᠬᠤᠲᠠ ᠶᠢᠨ ᠰᠢᠶᠠᠩ ᠪᠠᠯᠭᠠᠰᠤᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ 120 ᠭᠠᠷᠤᠶ ᠬᠠᠤᠯᠢ ᠬᠡᠷᠡᠭᠵᠢᠭᠦᠯᠬᠦ | ᠠᠵᠢᠯᠲᠠᠨ ᠲᠣᠰ ᠤᠳᠠᠭᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠠᠤᠯᠢ ᠬᠡᠷᠡᠭᠵᠢᠭᠦᠯᠬᠦ ᠬᠢᠷᠢ ᠬᠡᠮ ᠢ | ᠭᠡᠷᠡᠴᠢᠯᠡᠬᠦ ᠪᠣᠯᠪᠠᠰᠤᠷᠠᠭᠤᠯᠤᠯ ᠳᠤ ᠣᠷᠣᠯᠴᠠᠪᠠ᠃ | | ᠪᠤᠯᠪᠠᠰᠤᠷᠠᠭᠤᠯᠤᠯ ᠤᠨ ᠬᠢᠴᠢᠶᠠᠯ ᠢ ᠹᠧᠩᠵᠧᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ | ᠳᠠᠷᠤᠭ᠎ᠠ ᠬᠤᠸᠠᠩ ᠵᠢᠶᠦ᠋ᠨ ᠾᠧᠩ ᠭᠤᠤᠯᠴᠢᠯᠠᠨ ᠤᠷᠤᠵᠦ᠂ ︽ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾᠂ | ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ | ᠵᠠᠰᠠᠭ ᠵᠠᠬᠢᠷᠭᠠᠨ ᠤ ᠵᠠᠷᠭᠤ ᠶᠢᠨ ᠬᠠᠤᠯᠢ︾᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠦᠷᠢᠮ︾ ᠪᠣᠯᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠷᠪᠠᠨ ᠵᠦᠢᠯ ᠤᠨ ᠲᠦᠷᠢᠮ᠂ ︽ᠬᠠᠤᠯᠢ ᠬᠡᠷᠡᠭᠵᠢᠭᠦᠯᠬᠦ ᠦᠨᠡᠮᠯᠡᠯ ᠤᠨ ᠰᠢᠯᠭᠠᠯᠲᠠ ᠶᠢᠨ ᠳᠠᠪᠲᠠᠬᠤ | ᠬᠥᠲᠥᠯᠪᠦᠷᠢ︾ ᠵᠡᠷᠭᠡ ᠠᠭᠤᠯᠭ᠎ᠠ ᠶᠢᠨ ᠲᠤᠭᠤᠷᠢᠨ ᠳᠤ ᠬᠢᠴᠢᠶᠡᠯᠯᠡᠪᠡ᠃ ᠬᠢᠴᠢᠶᠡᠯ ᠤᠨ ᠠᠭᠤᠯᠭ᠎ᠠ ᠶᠢ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠶ ᠦᠢᠯᠡᠳᠦᠯᠭᠡ ᠪᠠ ᠰᠢᠯᠭᠠᠯᠲᠠ ᠶᠢᠨ ᠠᠭᠤᠯᠭ᠎ᠠ ᠲᠠᠢ ᠨᠢᠭᠲᠠ | ᠤᠶᠠᠯᠳᠤᠭᠤᠯᠵᠤ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠲᠤᠰᠬᠠᠶ | ᠮᠡᠷᠭᠡᠵᠢᠯ ᠤᠨ ᠮᠡᠳᠡᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ | ᠠᠰᠠᠭᠤᠳᠠᠯ ᠢ ᠰᠢᠢᠳᠪᠦᠷᠢᠯᠡᠬᠦ ᠬᠢᠷᠢ ᠬᠡᠮᠵᠢᠶ᠎ᠡ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠬᠤᠯᠠ ᠴᠢᠨᠠᠷ ᠤᠨ | ᠲᠤᠬᠠᠶ ᠲᠠᠨᠢᠯᠲᠠ ᠶᠢ ᠨᠡᠮᠡᠭᠳᠡᠭᠦᠯᠦᠭᠰᠡᠨ ᠪᠥᠭᠡᠳ ᠪᠠᠰᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ | ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠶᠢ ᠨᠡᠮᠡᠭᠳᠡᠭᠦᠯᠪᠡ᠃ | ᠣᠶᠢᠯᠠᠭᠠᠭᠰᠠᠨ ᠢᠶᠠᠷ᠂ ᠣᠶᠢᠷ᠎ᠠ ᠳᠤ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠢᠭᠡᠳᠦᠯᠲᠡᠶ | ᠪᠠᠶᠢᠷᠢᠯᠠᠭᠤᠯᠤᠯᠲᠠ ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ ᠤᠨ ᠦᠨᠡᠮᠯᠡᠯ ᠤᠨ ᠰᠢᠯᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠬᠦ | ᠪᠤᠯᠤᠨ᠎ᠠ᠃ | ᠵᠤᠬᠢᠶᠠᠭᠴᠢ᠄ ᠮᠠᠤ ᠫᠧᠩ ᠹᠸᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |