ᠬᠤᠲᠠ ᠶᠢᠨ ᠤᠯᠠᠭᠠᠨᠮᠥ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2020/11/24
 
   ᠮᠠᠨ ᠤ ᠬᠤᠲᠠ ᠶᠢᠨ ᠤᠯᠠᠭᠠᠨᠮᠥ᠋ᠴᠢᠷ ᠤᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠤᠢ᠃ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢᠨ ᠬᠠᠮᠲᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠤᠳᠬ᠎ᠠ ᠤᠷᠠᠯᠢᠭ ᠤᠨ ᠤᠬᠠᠭᠤᠯᠭ᠎ᠠ ᠬᠢᠬᠦ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠤᠳᠬ᠎ᠠ ᠤᠷᠠᠯᠢᠭ ᠤᠨ ᠡᠯᠪᠡᠭ ᠪᠠᠶᠠᠯᠢᠭ ᠲᠣᠭᠯᠠᠯᠲᠠ ᠶᠢ ᠨᠠᠶᠢᠷᠠᠭᠤᠯᠵᠤ᠂ ᠬᠥᠳᠡᠭᠡ ᠲᠣᠰᠬᠤᠨ ᠢᠶᠠᠷ ᠶᠠᠪᠤᠵᠤ᠂ ᠠᠵᠤ ᠠᠬᠤᠶᠢᠯᠠᠯ᠂ ᠨᠡᠶᠢᠭᠡᠮ ᠲᠣᠭᠤᠷᠢᠭ ᠪᠠ ᠰᠤᠷᠭᠠᠭᠤᠯᠢ ᠳᠤ ᠬᠦᠷᠴᠦ᠂ ᠭᠤᠤᠯ ᠰᠡᠳᠦᠪ ᠨᠢ ᠢᠯᠡ ᠲᠣᠳᠣ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠳᠤ ᠬᠢᠭᠡᠳ ᠲᠦᠭ ᠲᠦᠮᠡᠨ ᠠᠶᠢᠯ ᠡᠷᠦᠭᠡ ᠳᠤ ᠤᠬᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ   ᠪᠤᠯᠠᠭᠠᠨ᠂ ᠮᠠᠨ ᠤ ᠬᠤᠲᠠ ᠶᠢᠨ ᠠᠵᠤ ᠠᠬᠤᠢ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠳᠤ ᠦᠵᠡᠯ ᠰᠠᠨᠠᠭ᠎ᠠ ᠪᠠ ᠠᠵᠢᠯᠯᠠᠭᠠᠨ ᠤ ᠬᠦᠴᠦᠨ ᠢ ᠨᠡᠮᠡᠷᠢᠯᠡᠪᠡ᠃                   ᠨᠠᠶᠢᠷᠠᠭᠤᠯᠤᠭᠴᠢ᠄ ᠯᠢ ᠰᠧ ᠾᠦᠢ                   ᠤᠷᠴᠢᠭᠤᠯᠤᠭᠴᠢ᠄ ᠬᠠᠨ ᠰᠢᠶᠤᠤ ᠿᠦᠩ                   ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3