ᠮᠠᠨ ᠤ ᠬᠤᠲᠠ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠤᠨ 2020 ᠤᠨ ᠤ ᠬᠤᠶᠠᠳᠤᠭᠠᠷ ᠬᠤᠭᠤᠴᠠᠭᠠᠨ ᠤ ᠪᠤᠯᠪᠠᠰᠤᠷᠠᠭᠤᠯᠤᠯ ᠤᠨ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2020/11/26
     11 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ 2020 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ‌‍ᠤ  ᠪᠤᠯᠪᠠᠰᠤᠷᠠᠭᠤᠯᠤᠯ ᠤᠨ ᠠᠩᠭᠢ ᠡᠬᠢᠯᠡᠪᠡ᠃
   ᠡᠨᠡ ᠬᠤᠭᠤᠴᠠᠭᠠᠨ ᠤ ᠪᠤᠯᠪᠠᠰᠤᠷᠠᠭᠤᠯᠤᠯ ᠤᠨ ᠠᠩᠭᠢ 100 ᠨᠡᠷᠡᠰ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠴᠢ ᠶᠢ ᠬᠦᠮᠦᠵᠢᠬᠦᠯᠦᠨ᠎ᠡ᠃ ᠪᠣᠯᠪᠠᠰᠤᠷᠠᠭᠤᠯᠤᠯ ᠳᠤ ᠬᠠᠭᠠᠰ ᠴᠡᠷᠢᠭᠵᠢᠭᠰᠡᠨ ᠬᠠᠮᠢᠶᠠᠷᠤᠯᠲᠠ ᠶᠢ ᠠᠪᠴᠤ᠂ ᠪᠣᠯᠪᠠᠰᠤᠷᠠᠭᠤᠯᠤᠯ ᠤᠨ ᠰᠤᠷᠤᠯᠴᠠᠯᠭ᠎ᠠ ᠨᠢ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠮᠡᠷᠭᠡᠵᠢᠯ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠮᠡᠳᠡᠯᠭᠡ᠂ ᠲᠤᠰᠬᠠᠢ ᠠᠵᠢᠯ ᠤᠨ ᠬᠤᠷᠰᠢᠶ᠎ᠠ ᠶᠢᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠰᠢᠨ᠎ᠡ ᠬᠥᠳᠡᠭᠡ ᠲᠣᠰᠬᠤᠨ ᠤ ᠬᠠᠤᠯᠢ ᠴᠠᠭᠠᠵᠠ ᠬᠢᠭᠡᠳ ᠬᠠᠤᠯᠢ ᠲᠣᠭᠲᠠᠭᠠᠯ᠂ ᠰᠢᠨ᠎ᠡ ᠲᠠᠷᠢᠶᠠᠴᠢᠳ ᠤᠨ ᠪᠣᠯᠪᠠᠰᠤᠨ ᠶᠣᠰᠣ ᠵᠢᠷᠤᠮ ᠵᠡᠷᠭᠡ ᠪᠠᠷ ᠭᠤᠤᠯ ᠠᠭᠤᠯᠭ᠎ᠠ ᠪᠠᠨ ᠪᠤᠯᠭᠠᠵᠦ᠂ ᠲᠦᠪᠯᠡᠷᠡᠭᠦᠯᠦᠭᠰᠡᠨ ᠪᠤᠯᠪᠠᠰᠤᠷᠠᠭᠤᠯᠤᠯ ᠢᠶᠠᠷ ᠲᠠᠮᠵᠢᠨ᠂ ᠲᠠᠷᠢᠶᠠᠴᠢᠳ ᠤᠨ ᠦᠵᠡᠯ ᠰᠠᠨᠠᠭ᠎ᠠ ᠲᠠᠨᠢᠯᠲᠠ ᠬᠢᠭᠡᠳ ᠦᠢᠯᠡᠰ ᠴᠤᠭᠴᠠᠯᠠᠬᠤ ᠬᠠᠷᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ ᠦᠷᠭᠡᠳᠭᠡᠵᠦ᠂ ᠠᠵᠢᠯ ᠮᠡᠷᠭᠡᠵᠢᠯ ᠪᠣᠯᠤᠨ ᠡᠵᠡᠩᠨᠡᠯᠲᠡ ᠶᠢᠨ ᠴᠢᠳᠠᠪᠤᠷᠢ ᠶᠢ ᠴᠢᠩᠭᠠᠷᠠᠭᠤᠯᠤᠨ᠂ ᠰᠢᠨ᠎ᠡ ᠪᠠᠶᠢᠳᠠᠯ ᠳᠣᠤᠷᠠᠬᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠵᠤᠬᠢᠴᠠᠭᠤᠯᠵᠦ᠂ ᠬᠤᠶᠢᠰᠢᠳᠠ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃                                 ᠨᠠᠶᠢᠷᠠᠭᠤᠯᠤᠭᠴᠢ᠄ ᠯᠢ ᠰᠧ ᠾᠦᠢ                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3