2021 ᠤᠨ ᠤ ᠠᠮᠠᠷᠠᠯᠲᠠ ᠶᠢᠨ ᠲᠣᠬᠢᠷᠠᠭᠤᠯᠤᠯᠲᠠ ᠢᠷᠡᠯ᠎ᠡ︕
ᠨᠡᠶᠢᠲᠡᠯᠡᠭᠰᠡᠨ ᠴᠠᠭ᠄
2020/11/27
  ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ ᠡᠳᠦᠭᠡ 2021 ᠣᠨ ᠤ ᠰᠢᠨ᠎ᠡ ᠵᠢᠯ᠂ ᠴᠠᠭᠠᠨ ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠠᠮᠠᠷᠠᠬᠤ ᠡᠳᠦᠷ ᠬᠤᠭᠤᠴᠠᠭ᠎ᠠ ᠶᠢ ᠳᠣᠤᠷᠠᠬᠢ ᠮᠡᠲᠦ ᠪᠣᠳᠠᠲᠠᠶ ᠲᠤᠬᠢᠷᠠᠭᠤᠯᠪᠠ᠃    ᠨᠢᠭᠡ᠂ ᠰᠢᠨ᠎ᠡ ᠵᠢᠯ᠄ 2021 ᠤᠨ ᠤ 1 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ ᠴᠢᠯᠥᠭᠡ ᠲᠠᠯᠪᠢᠨ᠎ᠠ᠂ ᠨᠡᠶᠢᠲᠡ 3 ᠡᠳᠦᠷ᠃    ᠬᠤᠶᠠᠷ᠂ ᠴᠠᠭᠠᠨ ᠰᠠᠷ᠎ᠠ᠄ 2 ᠰᠠᠷ᠎ᠠ ᠶᠢᠨ 11 ᠤ ᠡᠳᠦᠷ ᠠᠴᠠ 17 ᠤ ᠡᠳᠦᠷ ᠪᠣᠯᠲᠠᠯ᠎ᠠ ᠠᠮᠠᠷᠠᠯᠲᠠ ᠲᠠᠯᠪᠢᠨ᠎ᠠ ᠂ ᠨᠡᠶᠢᠲᠡ 7 ᠡᠳᠦᠷ᠃ 2 ᠰᠠᠷ᠎ᠠ ᠶᠢᠨ 7 ᠤ ᠡᠳᠦᠷ ︵ᠭᠠᠷᠠᠭ ᠤᠨ ᠡᠳᠦᠷ︶᠂ 2 ᠰᠠᠷ᠎ᠠ ᠶᠢᠨ 20 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃    ᠭᠤᠷᠪᠠ᠂ ᠬᠠᠩᠰᠢ ᠶᠢᠨ ᠡᠳᠦᠷ᠄ 4 ᠰᠠᠷ᠎ᠠ ᠶᠢᠨ 3 ᠤ ᠡᠳᠦᠷ ᠠᠴᠠ 5 ᠤ ᠡᠳᠦᠷ ᠪᠣᠯᠲᠠᠯ᠎ᠠ ᠠᠮᠠᠷᠠᠯᠲᠠ ᠲᠠᠯᠪᠢᠨ᠎ᠠ᠂ ᠨᠡᠶᠢᠲᠡ 3 ᠡᠳᠦᠷ᠃    ᠳᠥᠷᠪᠡ᠂ ᠬᠥᠳᠡᠯᠮᠦᠷᠢᠴᠢᠳ ᠤᠨ ᠪᠠᠶᠠᠷ᠄ 5 ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ ᠴᠢᠯᠥᠭᠡ ᠲᠠᠯᠪᠢᠨ᠎ᠠ᠂ ᠨᠡᠶᠢᠲᠡ 5 ᠡᠳᠦᠷ᠃ 4 ᠰᠠᠷ᠎ᠠ ᠶᠢᠨ 25 ᠤ ᠡᠳᠦᠷ ︵ᠭᠠᠷᠠᠭ ᠤᠨ ᠡᠳᠦᠷ︶᠂ 5 ᠰᠠᠷ᠎ᠠ ᠶᠢᠨ 8 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃    ᠲᠠᠪᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠄ 6 ᠰᠠᠷ᠎ᠠ ᠶᠢᠨ 12 ᠤᠨ ᠡᠳᠦᠷ ᠠᠴᠠ 14 ᠤ ᠡᠳᠦᠷ ᠪᠣᠯᠲᠠᠯ᠎ᠠ ᠴᠢᠯᠥᠭᠡ ᠲᠠᠯᠪᠢᠨ᠎ᠠ᠂ ᠨᠡᠶᠢᠲᠡ 3 ᠡᠳᠦᠷ᠃    ᠵᠢᠷᠭᠤᠭ᠎ᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠄ 9 ᠰᠠᠷ᠎ᠠ ᠶᠢᠨ 19 ᠤ ᠡᠳᠦᠷ ᠠᠴᠠ 21 ᠤ ᠡᠳᠦᠷ   ᠪᠤᠯᠳᠠᠯ᠎ᠠ ᠠᠮᠠᠷᠠᠯᠲᠠ ᠲᠠᠯᠪᠢᠨ᠎ᠠ᠂ ᠨᠡᠶᠢᠲᠡ 3 ᠡᠳᠦᠷ᠃ 9 ᠰᠠᠷ᠎ᠠ ᠶᠢᠨ 18 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃    ᠳᠣᠯᠤᠭ᠎ᠠ᠂ ᠤᠯᠤᠰ ᠤᠨ ᠪᠠᠶᠠᠷ᠄ 10 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠠᠮᠠᠷᠠᠯᠲᠠ ᠲᠠᠯᠪᠢᠨ᠎ᠠ᠂ ᠨᠡᠶᠢᠲᠡ 7 ᠡᠳᠦᠷ᠃ 9 ᠰᠠᠷ᠎ᠠ ᠶᠢᠨ 26 ᠤ ᠡᠳᠦᠷ ︵ᠭᠠᠷᠠᠭ ᠤᠨ ᠡᠳᠦᠷ︶᠂ 10 ᠰᠠᠷ᠎ᠠ ᠶᠢᠨ 9 ᠤ ᠡᠳᠦᠷ ︵ᠭᠠᠷᠠᠭ ᠤᠨ ᠵᠢᠷᠭᠤᠭᠠᠨ︶ ᠠᠵᠢᠯᠯᠠᠨ᠎ᠠ᠃    ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠵᠢᠵᠢᠭᠦᠷᠯᠡᠬᠦ ᠪᠠ ᠠᠮᠤᠷ ᠲᠦᠪᠰᠢᠨ᠂ ᠠᠮᠤᠷ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠲᠣᠬᠢᠷᠠᠭᠤᠯᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠳᠤᠬᠢᠶᠠᠯᠳᠤᠪᠠᠯ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠲᠣᠬᠢᠲᠠᠶ ᠰᠢᠢᠳᠪᠦᠷᠢᠯᠡᠵᠦ᠂ ᠠᠷᠠᠳ ᠣᠯᠠᠨ ᠤ ᠪᠠᠶᠠᠷ ᠤᠨ ᠡᠳᠦᠷ ᠤᠨ ᠠᠮᠠᠷᠠᠯᠲᠠ ᠶᠢ ᠠᠮᠤᠷ ᠲᠠᠶᠢᠪᠤᠩ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃                             ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ                                 2020 ᠣᠨ ᠤ 11 ᠰᠠᠷ᠎ᠠ ᠶᠢᠨ 25 ᠤ ᠡᠳᠦᠷ                ᠤᠷᠴᠢᠭᠤᠯᠤᠭᠴᠢ᠄ ᠬᠠᠨ ᠰᠢᠶᠤᠤ ᠿᠦᠩ                ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3