︽ᠹᠧᠩᠵᠧᠨ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠡᠷᠡᠭᠵᠢᠬᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/3
   ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠄    ᠣᠳᠣ ︽ᠹᠧᠩᠵᠧᠨ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                         2020 ᠣᠨ ᠤ 7 ᠰᠠᠷ᠎ᠠ ᠶᠢᠨ 20 ᠤ ᠡᠳᠦᠷ    ᠹᠧᠩᠵᠧᠨ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠬᠡᠷᠡᠭᠵᠢᠬᠦᠯᠬᠦ ᠲᠥᠰᠦᠯ    ᠮᠠᠨ ᠤ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠢᠢᠳᠪᠦᠷᠢᠯᠡᠵᠦ᠂ ᠡᠯ᠎ᠡ ᠱᠠᠲᠤᠨ ᠤ ᠵᠠᠰᠠᠭ ᠤᠨ ᠤᠷᠳᠤᠨ ᠵᠢᠴᠢ ᠠᠵᠢᠯ ᠤᠨ ᠰᠠᠯᠠᠭ᠎ᠠ ᠮᠥᠴᠢᠷ ᠤᠨ ᠠᠵᠢᠯ ᠤᠨ ᠰᠤᠷᠲᠠᠯ ᠢ ᠬᠠᠯᠠᠨ ᠰᠠᠶᠢᠵᠢᠷᠠᠭᠤᠯᠤᠨ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠪᠣᠯᠤᠨ ᠠᠷᠠᠳ ᠲᠤ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ ᠣᠯᠠᠨ ᠲᠦᠮᠡᠨ ᠤ ᠲᠤᠰᠬᠠᠯ ᠢ ᠪᠡᠶᠡᠯᠡᠭᠦᠯᠬᠦ ᠠᠰᠠᠭᠤᠳᠠᠯ ︽ᠶᠠᠭᠤ ᠪᠦᠬᠦᠨ ᠨᠢ ᠪᠦᠷ ᠨᠠᠶᠢᠳᠠᠪᠤᠷᠢᠳᠠᠢ ᠪᠣᠯᠵᠤ᠂ ᠤᠴᠢᠷ ᠪᠣᠯᠭᠠᠨ ᠳᠤ ᠬᠠᠷᠢᠭᠤ ᠲᠤᠰᠬᠠᠯ ᠲᠠᠢ︾᠂ ︽ᠤᠯᠠᠭᠠᠨᠴᠠᠪ ᠬᠤᠲᠠ ᠶᠢᠨ 12345 ᠵᠠᠰᠠᠭ ᠤᠨ ᠣᠷᠳᠣᠨ ᠤ  ᠦᠢᠯᠡᠴᠢᠯᠡᠭᠡᠨ ᠤ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠠᠵᠢᠯ ᠤᠨ ᠬᠠᠷᠠᠯᠲᠠ    ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠶ ᠬᠠᠯᠠᠮᠰᠢᠯ ᠤᠲᠠᠰᠤ ᠶᠢᠨ  ᠲᠠᠪᠴᠠᠩ ᠢ ᠪᠠᠶᠢᠭᠤᠯᠤᠨ᠎ᠠ᠃ ᠪᠦᠬᠦ ᠬᠤᠲᠠ ᠶᠢᠨ ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠴᠤ᠂ ᠵᠠᠰᠠᠭ ᠤᠨ ᠣᠷᠳᠣᠨ ᠪᠣᠯᠤᠨ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭᠠᠨ ᠤ ᠬᠥᠭᠦᠷᠭᠡ ᠶᠢ ᠤᠯᠠᠮ ᠨᠢᠭᠡ ᠠᠯᠬᠤᠮ ᠨᠡᠪᠲᠡᠷᠡᠭᠦᠯᠦᠨ᠎ᠡ᠃ ︽ᠨᠢᠭᠡᠳᠦᠯᠲᠡᠶ ᠬᠦᠯᠢᠶᠡᠨ ᠠᠪᠬᠤ᠂ ᠬᠠᠷᠢᠭᠤᠴᠠᠯᠭ᠎ᠠ ᠶᠣᠰᠣᠭᠠᠷ ᠰᠢᠯᠵᠢᠭᠦᠯᠦᠨ ᠰᠢᠢᠳᠪᠦᠷᠢᠯᠡᠬᠦ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠨᠢᠭᠡᠳᠦᠯᠲᠡᠶ ᠰᠢᠪᠠᠳᠠᠨ ᠰᠢᠢᠳᠪᠦᠷᠢᠯᠡᠬᠦ᠂ ᠨᠢᠭᠡᠳᠦᠯᠲᠡᠶ ᠬᠢᠨᠠᠨ ᠰᠢᠯᠭᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠦᠢᠴᠡᠳᠭᠡᠬᠦ ᠬᠦᠴᠦᠨ ᠢ ᠦᠨᠡᠨ ᠬᠦ ᠴᠢᠩᠭᠠᠳᠬᠠᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃    ᠬᠤᠶᠠᠷ᠂ ᠠᠵᠢᠯ ᠤᠨ ᠪᠠᠶᠢᠭᠤᠯᠤᠮᠵᠢ    12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤ ᠶᠢ ᠵᠣᠬᠢᠴᠠᠭᠤᠯᠬᠤ ᠠᠯᠪᠠᠨ ᠭᠡᠷ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠭᠡᠷ ᠲᠤ ᠲᠤᠬᠢᠷᠠᠭᠤᠯᠵᠦ᠂ ᠠᠵᠤ ᠠᠬᠤᠶᠢᠯᠠᠯ ᠪᠣᠯᠤᠨ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠰᠢᠮᠳᠠᠭᠤᠯᠤᠨ ᠭᠦᠢᠴᠡᠳᠬᠡᠬᠦ᠂ ᠬᠢᠨᠠᠨ ᠰᠢᠯᠭᠠᠬᠤ᠂ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ ᠰᠢᠮᠳᠠᠭᠤᠯᠤᠨ ᠭᠦᠢᠴᠡᠳᠬᠡᠨ᠎ᠡ᠃ ᠡᠯ᠎ᠡ ᠳᠠᠭᠠᠭᠠᠨ ᠬᠦᠢᠴᠡᠳᠭᠡᠬᠦ ᠨᠢᠭᠡᠴᠡ 12345 ᠵᠠᠰᠠᠭ ᠤᠨ ᠣᠷᠳᠣᠨ ᠤ  ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠲᠤᠬᠠᠶᠢᠯᠠᠭᠰᠠᠨ ᠠᠵᠢᠯ ᠢ ᠬᠦᠯᠢᠶᠡᠨ ᠠᠪᠬᠤ᠂ ᠬᠦᠢᠴᠡᠳᠭᠡᠭᠦ᠂ ᠬᠠᠷᠢᠭᠤ ᠥᠭᠬᠦ ᠵᠡᠷᠭᠡ ᠠᠵᠢᠯ ᠢ ᠬᠠᠷᠢᠭᠤᠴᠠᠨ᠎ᠠ᠃ ᠡᠯ᠎ᠡ ᠱᠠᠲᠤᠨ ᠤ ᠳᠠᠭᠠᠭᠠᠨ ᠠᠪᠴᠤ ᠰᠢᠢᠳᠪᠦᠷᠢᠯᠡᠬᠦ ᠨᠢᠬᠡᠴᠡ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠲᠤᠳᠤᠷ᠎ᠠ ᠰᠢᠢᠳᠪᠦᠷᠢᠯᠡᠬᠦ ᠦᠢᠯᠡ ᠠᠵᠢᠯᠯᠠᠭ᠎ᠠ ᠪᠠ ᠦᠷ᠎ᠡ ᠳ᠋ᠦᠩ ᠳᠤ ᠬᠠᠷᠢᠭᠤᠴᠠᠨ᠎ᠠ᠃    ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ    ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠵᠦᠢᠯᠡᠰ    1. ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠢᠯ ᠶᠠᠪᠤᠳᠠᠯ ᠬᠦᠢᠴᠡᠳᠭᠡᠭᠦ ᠴᠤᠪᠤᠷᠠᠯ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠠᠰᠠᠭᠤᠨ ᠯᠠᠪᠯᠠᠯᠳᠠ︔    2. ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠨ ᠡᠭᠦᠷᠭᠡ  ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠤᠰᠤ ᠲᠥᠷᠥᠯ ᠠᠴᠠ ᠲᠤᠰᠠᠯᠠᠮᠵᠢ ᠭᠤᠶᠤᠴᠢᠯᠠᠨ᠎ᠠ︔    3. ᠬᠤᠲᠠ ᠶᠢᠨ ᠵᠠᠰᠠᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠪᠠᠷ ᠬᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠪᠠ ᠰᠠᠨᠠᠭᠤᠯᠭ᠎ᠠ︔    4. ᠵᠠᠰᠠᠭ ᠵᠠᠬᠢᠷᠭᠠᠨ ᠤ ᠪᠠᠶᠢᠭᠤᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠠᠵᠢᠯᠲᠠᠨ ᠤ ᠠᠵᠢᠯ ᠤᠨ ᠰᠤᠷᠲᠠᠯ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠵᠡᠷᠭᠡ ᠲᠠᠯ᠎ᠠ ᠶᠢᠨ ᠵᠠᠭᠠᠯᠳᠤᠯᠭ᠎ᠠ ᠶᠢᠨ ᠲᠤᠬᠠᠢ ᠢᠯᠡᠴᠢᠯᠡᠨ ᠮᠡᠳᠡᠭᠦᠯᠦᠯᠲᠡ︔    5. ᠪᠤᠰᠤᠳ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ ᠵᠦᠢᠯᠡᠰ᠃    ︵ᠬᠤᠶᠠᠷ︶ ᠬᠥᠲᠥᠯᠥᠨ ᠵᠢᠯᠣᠭᠤᠳᠬᠤ ᠪᠤᠶᠤ ᠰᠢᠯᠵᠢᠭᠦᠯᠦᠨ ᠬᠦᠢᠴᠡᠳᠭᠡᠭᠦ ᠵᠦᠢᠯᠡᠰ    1. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ  ᠵᠦᠢᠯᠡᠰ ᠢ ᠭᠤᠶᠤᠴᠢᠯᠠᠯ ᠭᠠᠷᠭᠠᠭᠴᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠭᠤᠳ ᠲᠤᠰᠬᠠᠨ᠎ᠠ︔    2. ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠺᠠᠳ᠋ᠷ ᠢ ᠲᠣᠮᠢᠯᠠᠬᠤ ᠪᠠᠭᠤᠯᠭᠠᠬᠤ ᠵᠢᠴᠢ ᠬᠠᠮᠢᠶᠠᠷᠬᠤ  ᠵᠡᠷᠭᠡ ᠲᠠᠯ᠎ᠠ ᠶᠢᠨ ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ᠂ ᠬᠤᠳᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠲᠤᠰᠬᠠᠨ᠎ᠠ︔    3. ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠬᠢᠳᠠᠯ  ᠰᠤᠷᠪᠤᠯᠵᠢᠯᠠᠭ᠎ᠠ᠂ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠠᠷ ᠰᠢᠢᠳᠪᠦᠷᠢᠯᠡᠬᠦ ᠶᠣᠰᠣᠲᠠᠶ ᠵᠦᠢᠯᠡᠰ ᠢ ᠭᠤᠮᠣᠳᠠᠯ ᠭᠠᠷᠭᠠᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠤᠰᠬᠠᠨ᠎ᠠ    4. ᠵᠠᠰᠠᠭ ᠤᠨ ᠣᠷᠳᠣᠨ ᠤ ᠬᠠᠯᠠᠮᠰᠢᠯ ᠤᠲᠠᠰᠤ ᠪᠠᠷ ᠳᠠᠮᠵᠢᠨ ᠪᠠᠴᠢᠮ ᠲᠤᠰᠠᠯᠠᠮᠵᠢ ᠭᠤᠶᠤᠪᠠᠯ᠂  ᠬᠠᠯᠠᠮᠰᠢᠯ ᠤᠳᠠᠰᠤ ᠶᠢᠨ ᠲᠠᠪᠴᠠᠩ ᠤᠨ ᠠᠵᠢᠯᠲᠠᠨ ᠠᠴᠠ ᠰᠢᠭᠤᠳ 110᠂ 119᠂ 120 ᠪᠠᠴᠢᠮ ᠪᠠᠶᠢᠳᠠᠯ ᠢ ᠠᠷᠭᠠᠴᠠᠬᠤ ᠬᠠᠯᠠᠮᠰᠢᠯ ᠤᠳᠠᠰᠤᠨ ᠳᠤ ᠰᠢᠯᠵᠢᠭᠦᠯᠦᠨ᠎ᠡ᠃    ︵ᠭᠤᠷᠪᠠ︶ ᠬᠦᠯᠢᠶᠡᠨ ᠠᠪᠴᠤ ᠰᠢᠢᠳᠪᠦᠷᠢᠯᠡᠬᠦ ᠦᠭᠡᠢ ᠵᠦᠢᠯᠡᠰ    1. ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠠᠭᠠᠭᠠᠨ ᠭᠦᠢᠴᠡᠳᠬᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠤᠶᠤ ᠦᠢᠯᠡᠴᠢᠯᠡᠭᠡᠨ ᠤ ᠬᠡᠪᠴᠢᠶᠡᠨ ᠳᠤ ᠬᠠᠷᠢᠶᠠᠯᠠᠭᠳᠠᠬᠤ ᠦᠭᠡᠢ ᠵᠦᠢᠯᠡᠰ︔    2. ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠵᠦᠢᠯᠡᠰ︔    3. ᠶᠠᠭ ᠰᠢᠢᠳᠪᠦᠷᠢᠯᠡᠵᠦ ᠪᠠᠶᠢᠭ᠎ᠠ ᠶᠠᠪᠤᠴᠠ ᠳᠤ ᠪᠤᠶᠤ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠵᠦ  ᠲᠠᠭᠤᠰᠬᠠᠬᠰᠠᠨ᠂ ᠭᠤᠮᠣᠳᠠᠯ ᠲᠣᠭᠠᠴᠢᠭᠰᠠᠨ ᠬᠥᠮᠦᠨ ᠳᠤ ᠰᠢᠨ᠎ᠡ ᠪᠠᠶᠢᠳᠠᠯ᠂ ᠰᠢᠨ᠎ᠡ ᠰᠢᠯᠲᠠᠭᠠᠨ ᠪᠠᠶᠢᠬᠤ ᠦᠭᠡᠢ᠂ ᠬᠠᠯᠠᠮᠰᠢᠯ ᠤᠳᠠᠰᠤᠨ ᠳᠤ ᠳᠤᠷᠠᠳᠤᠭᠰᠠᠨ ᠠᠳᠠᠯᠢ ᠨᠢᠭᠡᠨ ᠬᠡᠷᠡᠭ ᠶᠠᠪᠤᠳᠠᠯ︔    4. ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠢᠴᠢ ᠮᠠᠭᠤ ᠰᠠᠨᠠᠭ᠎ᠠ ᠲᠠᠢ ᠪᠠᠷ ᠳᠠᠭᠠᠷᠢᠬᠤ᠂ ᠲᠦᠢᠪᠡᠭᠡᠬᠦ ᠪᠤᠶᠤ ᠮᠥᠨ ᠴᠢᠨᠠᠷ ᠤᠨ ᠭᠤᠶᠤᠴᠢᠯᠡᠯ ᠤᠨ ᠠᠭᠤᠯᠭ᠎ᠠ ᠥᠬᠡᠶ ᠵᠦᠢᠯᠡᠰ︔    5. ᠦᠯᠦ ᠬᠦᠯᠢᠶᠡᠨ ᠠᠪᠴᠤ ᠰᠢᠢᠳᠪᠦᠷᠢᠯᠡᠬᠦ ᠪᠤᠰᠤᠳ ᠵᠦᠢᠯᠡᠰ᠃    ᠳᠥᠷᠪᠡ᠂ ᠰᠢᠢᠳᠪᠦᠷᠢᠯᠡᠬᠦ ᠲᠣᠭᠲᠠᠴᠠ    ︵ᠨᠢᠭᠡ︶ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠬᠦ    ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠢᠷᠡᠭᠦᠯᠦᠭᠰᠡᠨ ᠤᠲᠠᠰᠤ ᠶᠢ 12345 ᠬᠠᠯᠠᠮᠰᠢᠯ ᠤᠲᠠᠰᠤᠨ ᠤ ᠲᠠᠪᠴᠠᠩ ᠤᠨ ᠳ᠋ᠢᠶᠠᠩᠬᠤᠸᠠᠴᠢᠨ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠢᠶᠠᠷ ᠳᠠᠮᠵᠢᠭᠤᠯᠤᠨ ᠨᠢᠭᠡᠳᠦᠯᠲᠡᠶ ᠭᠥᠯᠢᠶᠡᠨ ᠠᠪᠴᠤ ᠰᠤᠨᠤᠰᠤᠨ᠎ᠠ᠃ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ᠂ ᠡᠩ ᠲᠡᠷᠢᠭᠦᠨ ᠳᠤ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯᠲᠠᠨ ᠠᠴᠠ ᠮᠡᠳᠡᠯᠭᠡ ᠶᠢᠨ ᠬᠥᠮᠥᠷᠭᠡ ᠶᠢᠨ ᠬᠠᠮᠢᠶ᠎ᠠ ᠪᠥᠬᠦᠶ ᠠᠭᠤᠯᠭ᠎ᠠ ᠶᠢ ᠦᠨᠳᠦᠰᠦᠯᠡᠨ ᠰᠢᠭᠤᠳ ᠬᠠᠷᠢᠭᠤᠯᠲᠠ ᠥᠭᠬᠦ ᠪᠤᠶᠤ ︽ᠭᠤᠷᠪᠠᠨ ᠲᠠᠯ᠎ᠠ ᠶᠢᠨ ᠤᠲᠠᠰᠤ ᠨᠡᠪᠲᠡᠷᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠷᠡ ᠳᠣᠤᠷ᠎ᠠ ᠨᠢ ᠬᠠᠷᠢᠭᠤᠯᠲᠠ ᠥᠭᠭᠦᠨ᠎ᠡ︔ ᠲᠡᠷᠡ ᠳᠣᠤᠷ᠎ᠠ ᠨᠢ ᠬᠠᠷᠢᠭᠤᠯᠲᠠ ᠥᠭᠴᠦ ᠳᠡᠶᠢᠯᠬᠦ ᠦᠭᠡᠢ ᠪᠠᠶᠢᠪᠠᠯ᠂ ᠲᠦᠷᠦᠯ ᠬᠤᠪᠢᠶᠠᠨ  ᠰᠢᠢᠳᠪᠦᠷᠢᠯᠡᠬᠦ ᠵᠠᠷᠴᠢᠮ ᠶᠣᠰᠣᠭᠠᠷ᠂ ᠬᠦᠯᠢᠶᠡᠨ ᠠᠪᠴᠤ ᠰᠢᠢᠳᠪᠦᠷᠢᠯᠡᠬᠦ ᠬᠥᠮᠦᠰ ᠦᠢᠯᠡᠴᠢᠯᠡᠭᠡᠨ ᠤ ᠬᠦᠰᠡᠯ ᠱᠠᠭᠠᠷᠳᠠᠯᠭ᠎ᠠ ᠶᠢᠨ ᠠᠵᠢᠯ ᠤᠨ ᠬᠠᠭᠤᠳᠠᠰᠤ ᠶᠢ ᠬᠤᠯᠪᠣᠭᠳᠠᠯ ᠪᠦᠬᠦᠢ ᠨᠢᠬᠡᠴᠡ ᠳᠤ ᠰᠢᠯᠵᠢᠭᠦᠯᠦᠨ ᠥᠭᠴᠦ  ᠰᠢᠢᠳᠪᠦᠷᠢᠯᠡᠬᠦᠯᠦᠨ᠎ᠡ︔ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ ᠪᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠢᠰᠲ᠋ᠧᠮᠵᠢᠭᠦᠯᠦᠨ ᠰᠢᠢᠳᠪᠦᠷᠢᠯᠡᠬᠦ ᠵᠠᠷᠴᠢᠮ ᠶᠣᠰᠣᠭᠠᠷ ᠲᠤᠰᠬᠠᠢ ᠮᠡᠳᠡᠭᠦᠯᠦᠯᠲᠡ ᠬᠢᠵᠦ᠂ ᠬᠤᠲᠠ ᠶᠢᠨ ᠤᠳᠤᠷᠢᠳᠤᠯᠭ᠎ᠠ ᠪᠠᠷ ᠴᠤᠬᠤᠯᠠᠪᠤᠷᠢᠯᠠᠭᠤᠯᠤᠭᠰᠠᠨ ᠤ ᠳᠠᠷᠠᠭ᠎ᠠ ᠳᠡᠰ ᠳᠠᠷᠠᠭᠠᠯᠠᠯ ᠶᠣᠰᠣᠭᠠᠷ ᠭᠦᠢᠴᠡᠳᠬᠡᠨ᠎ᠡ᠃    ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠬᠦ    1. ᠳᠠᠭᠠᠭᠠᠨ ᠠᠪᠴᠤ ᠬᠦᠢᠴᠡᠳᠭᠡᠭᠦ ᠨᠢᠭᠡᠴᠡ ᠨᠢ ᠬᠦᠯᠢᠶᠡᠨ ᠠᠪᠤᠭᠰᠠᠨ ᠤᠴᠢᠷ ᠶᠠᠪᠤᠳᠠᠯ ᠢᠶᠠᠨ ᠲᠥᠷᠥᠯ ᠬᠤᠪᠢᠶᠠᠨ ᠬᠦᠢᠴᠡᠳᠭᠡᠭᠦ ᠬᠡᠷᠡᠭᠲᠡᠶ᠃ ᠲᠣᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠲᠣᠰ ᠠᠷᠭ᠎ᠠ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠬᠦᠢᠴᠡᠳᠭᠡᠵᠦ ᠳᠠᠭᠤᠰᠬᠠᠬᠤ ᠬᠡᠷᠡᠭᠲᠡᠶ᠃ ᠲᠤᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠤᠶᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠬᠳᠠᠬᠤ ᠦᠭᠡᠢ ᠭᠡᠵᠦ ᠦᠵᠡᠪᠡᠯ ᠤᠴᠢᠷ ᠶᠠᠪᠤᠳᠠᠯ ᠢ ᠣᠯᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠪᠤᠴᠠᠭᠠᠬᠤ ᠪᠠᠷ ᠭᠤᠶᠤᠴᠢᠯᠠᠬᠤ ᠶᠢᠨ ᠬᠠᠮᠲᠤ ᠤᠴᠢᠷ ᠰᠢᠯᠲᠠᠭᠠᠨ ᠪᠠ ᠦᠨᠳᠦᠰᠦ ᠪᠠᠷᠢᠮᠲᠠ ᠪᠠᠨ ᠲᠣᠳᠣᠷᠬᠠᠶᠢᠯᠠᠬᠤ ᠬᠡᠷᠡᠭᠲᠡᠶ᠃ ᠬᠠᠯᠠᠮᠰᠢᠯ ᠤᠲᠠᠰᠤ ᠶᠢᠨ ᠲᠠᠪᠴᠠᠩ ᠨᠢ ᠪᠤᠴᠠᠭᠠᠬᠤ ᠭᠤᠶᠤᠴᠢᠯᠠᠯ ᠢ ᠬᠢᠨᠠᠨ ᠬᠠᠷᠭᠤᠭᠤᠯᠵᠤ᠂ ᠪᠤᠴᠠᠭᠠᠬᠤ ᠶᠢ ᠵᠦᠪᠰᠢᠶᠡᠷᠡᠭᠰᠡᠨ ᠪᠠᠶᠢᠪᠠᠯ᠂ ᠡᠭᠦᠷᠭᠡ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠭᠰᠠᠨ ᠤ ᠳᠠᠷᠠᠭ᠎ᠠ ᠳᠠᠬᠢᠨᠲᠠ ᠰᠢᠯᠵᠢᠬᠦᠯᠦᠨ ᠲᠣᠮᠢᠯᠠᠨ᠎ᠠ︔ ᠪᠤᠴᠠᠭᠠᠬᠤ ᠶᠢ ᠨᠢ ᠵᠥᠪᠰᠢᠶᠡᠷᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠳᠠᠭᠠᠭᠠᠨ ᠠᠪᠴᠤ ᠰᠢᠢᠳᠪᠦᠷᠢᠯᠡᠬᠦ ᠨᠢᠬᠡᠴᠡ ᠠᠴᠠ ᠦᠷᠭᠦᠯᠵᠢᠯᠡᠨ ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠦᠭᠡᠢ ᠡᠩ ᠤᠨ ᠵᠦᠢᠯᠡᠰ ᠢ ᠲᠦᠷᠭᠡᠨ ᠵᠣᠬᠢᠴᠠᠭᠤᠯᠬᠤ ᠲᠣᠭᠲᠠᠴᠠ ᠪᠠᠷ ᠲᠠᠮᠵᠢᠭᠤᠯᠤᠨ ᠳᠠᠭᠠᠭᠠᠨ ᠠᠪᠴᠤ  ᠬᠦᠢᠴᠡᠳᠭᠡᠭᠦ ᠨᠢᠭᠡᠴᠡ ᠶᠢ ᠲᠣᠭᠲᠠᠭᠠᠨ᠎ᠠ᠃ ᠣᠯᠠᠨ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ᠂ ᠬᠠᠷᠢᠶᠠᠯᠠᠯᠲᠠ ᠶᠢᠨ ᠬᠢᠵᠠᠭᠠᠷ ᠪᠤᠶᠤ ᠬᠠᠤᠯᠢ ᠴᠠᠭᠠᠵᠠ ᠶᠢ ᠬᠡᠷᠡᠭᠯᠡᠬᠦ ᠳᠤ ᠬᠤᠯᠪᠣᠭᠳᠠᠭᠰᠠᠨ ᠮᠠᠷᠭᠤᠭᠠᠨ ᠲᠠᠢ ᠮᠠᠳᠠᠭ ᠲᠠᠢ ᠪᠤᠳᠤᠯᠢᠶᠠᠨᠳᠠᠢ ᠤᠴᠢᠷ ᠶᠠᠪᠤᠳᠠᠯ ᠳᠤ᠂ ᠬᠤᠷᠠᠯ ᠢᠶᠠᠷ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ᠂ ᠬᠤᠲᠠ ᠶᠢᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠳᠡᠪᠰᠢᠭᠦᠯᠦᠨ ᠬᠢᠨᠠᠨ ᠲᠤᠬᠳᠠᠭᠠᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠭᠠᠨ ᠠᠪᠴᠤ ᠬᠦᠢᠴᠡᠳᠭᠡᠭᠦ ᠨᠢᠭᠡᠴᠡ ᠶᠢ ᠲᠤᠬᠳᠠᠭᠠᠨ᠎ᠠ᠃    2. 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠳᠤ ᠤᠴᠢᠷ ᠶᠠᠪᠤᠳᠠᠯ ᠢ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠳᠦᠷᠢᠮ ᠢ ᠬᠡᠷᠡᠭᠵᠢᠭᠦᠯᠵᠦ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠢ ᠲᠣᠭᠲᠠᠭᠠᠯ ᠶᠣᠰᠣᠭᠠᠷ ᠬᠦᠯᠢᠶᠡᠨ ᠠᠪᠤᠭᠰᠠᠨ ᠤᠴᠢᠷ ᠶᠠᠪᠤᠳᠠᠯ ᠢᠶᠠᠨ ᠬᠦᠢᠴᠡᠳᠭᠡᠬᠦ ᠬᠡᠷᠡᠭᠲᠡᠶ᠃ ᠠᠰᠠᠭᠤᠨ ᠯᠠᠪᠯᠠᠬᠤ ᠲᠥᠷᠥᠯ ᠤᠨ ᠵᠦᠢᠯᠡᠰ ᠢ ᠪᠣᠯ ᠤᠴᠢᠷ ᠶᠠᠪᠤᠳᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 1 ᠠᠵᠢᠯᠯᠠᠬᠤ ᠡᠳᠦᠷ ᠤᠨ ᠳᠣᠲᠣᠷ᠎ᠠ ᠬᠦᠢᠴᠡᠳᠭᠡᠵᠦ ᠳᠠᠭᠤᠰᠬᠠᠬᠤ ᠬᠡᠷᠡᠭᠲᠡᠶ︔ ᠵᠠᠭᠠᠯᠳᠤᠵᠤ ᠢᠯᠡᠴᠢᠯᠡᠨ ᠮᠡᠳᠡᠭᠦᠯᠬᠦ ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠳᠤᠷᠠᠳᠬᠤ ᠲᠥᠷᠥᠯ ᠤᠨ ᠵᠦᠢᠯᠡᠰ ᠢ ᠪᠣᠯ᠂ ᠤᠴᠢᠷ ᠶᠠᠪᠤᠳᠠᠯ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤ ᠦᠭᠭᠦᠨ᠎ᠡ︔ ᠬᠠᠤᠯᠢ ᠴᠠᠭᠠᠵᠠ᠂ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠲᠣᠳᠣᠷᠬᠠᠶ ᠲᠤᠬᠳᠠᠭᠠᠬᠰᠠᠨ ᠴᠠᠭ ᠬᠤᠭᠤᠴᠠᠭ᠎ᠠ ᠲᠠᠢ ᠪᠣᠯ᠂ ᠲᠡᠷᠡ ᠲᠣᠭᠲᠠᠭᠠᠯ ᠶᠣᠰᠣᠭᠠᠷ ᠬᠦᠢᠴᠡᠳᠭᠡᠭᠦ ᠬᠡᠷᠡᠭᠲᠡᠶ᠃    3. ᠭᠡᠨᠡᠳᠲᠡ ᠡᠭᠦᠰᠬᠦ ᠵᠦᠢᠯ ᠠᠴᠠ ᠭᠠᠳᠠᠨ᠎ᠠ᠂ ᠳᠠᠭᠠᠭᠠᠨ ᠭᠦᠢᠴᠡᠳᠬᠡᠬᠦ ᠨᠢᠬᠡᠴᠡ ᠨᠢ ᠭᠦᠢᠴᠡᠳᠬᠡᠬᠦ ᠬᠤᠭᠤᠴᠠᠭᠠᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢᠨ ᠠᠷᠭ᠎ᠠ ᠦᠭᠡᠶ ᠪᠠᠶᠢᠪᠠᠯ᠂ ᠭᠦᠢᠴᠡᠳᠬᠡᠬᠦ ᠬᠤᠭᠤᠴᠠᠭ᠎ᠠ ᠳᠦᠭᠦᠷᠬᠦ ᠠᠴᠠ ᠡᠮᠦᠨ᠎ᠡ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠬᠤ ᠬᠡᠷᠡᠭᠲᠡᠶ᠃ ᠬᠤᠶᠢᠰᠢᠯᠠᠭᠤᠯᠤᠨ ᠭᠦᠢᠴᠡᠳᠬᠡᠬᠦ ᠶᠢ 2 ᠤᠳᠠᠭ᠎ᠠ ᠪᠠᠷ ᠬᠢᠵᠠᠭᠠᠷᠯᠠᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠨᠢ ᠬᠤᠢᠰᠢᠯᠠᠭᠤᠯᠬᠤ ᠭᠤᠶᠤᠴᠢᠯᠠᠯ ᠢ ᠬᠢᠨᠠᠨ ᠬᠠᠷᠭᠤᠭᠤᠯᠤᠭᠠᠳ ᠬᠤᠭᠤᠴᠠᠭ᠎ᠠ ᠶᠢ ᠨᠢ ᠬᠤᠶᠢᠰᠢᠯᠠᠭᠤᠯᠬᠤ ᠶᠢ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠯ ᠭᠠᠷᠭᠠᠭᠴᠢ ᠳᠤ ᠬᠤᠭᠤᠴᠠᠭ᠎ᠠ ᠤᠷᠲᠤᠳᠬᠠᠭᠰᠠᠨ  ᠪᠠᠶᠢᠳᠠᠯ ᠢ ᠮᠡᠳᠡᠭᠳᠡᠨ᠎ᠡ ︔ ᠬᠤᠭᠤᠴᠠᠭ᠎ᠠ ᠶᠢ ᠤᠷᠲᠤᠳᠬᠠᠬᠤ ᠶᠢ ᠨᠢ ᠵᠥᠪᠰᠢᠶᠡᠷᠡᠬᠦ ᠤᠢᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠳᠠᠭᠠᠭᠠᠨ ᠠᠪᠴᠤ ᠰᠢᠢᠳᠪᠦᠷᠢᠯᠡᠬᠦ ᠨᠢᠬᠡᠴᠡ ᠠᠴᠠ ᠦᠷᠭᠦᠯᠵᠢᠯᠡᠨ  ᠰᠢᠢᠳᠪᠦᠷᠢᠯᠡᠨ᠎ᠡ᠃    ᠲᠠᠪᠤ᠂ ᠠᠵᠢᠯ ᠤᠨ ᠱᠠᠭᠠᠷᠳᠠᠯᠭ᠎ᠠ    ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃  12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠪᠣᠯ ᠨᠡᠶᠢᠭᠡᠮ ᠤᠨ ᠵᠦᠷᠢᠴᠡᠯ ᠢ ᠠᠷᠢᠯᠭᠠᠬᠤ᠂ ᠣᠯᠠᠨ ᠲᠦᠮᠡᠨ ᠳᠤ ᠳᠣᠲᠣᠨᠣ ᠦᠢᠯᠡᠴᠢᠯᠡᠭᠡ ᠬᠠᠩᠭᠠᠬᠤ᠂ ᠠᠷᠠᠳ ᠣᠯᠠᠨ ᠳᠤ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠠᠷᠭ᠎ᠠ ᠮᠠᠶ᠋ᠢᠭ ᠪᠣᠯᠤᠨ᠎ᠠ᠃ ᠡᠯ᠎ᠡ ᠨᠢᠭᠡᠴᠡ ᠨᠦᠭᠦᠳ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ 1 ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ 1 ᠠᠵᠢᠯᠲᠠᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠠᠴᠠ ᠰᠢᠯᠵᠢᠭᠦᠯᠦᠨ ᠢᠷᠡᠭᠦᠯᠦᠭᠰᠡᠨ ᠠᠵᠢᠯ ᠢ ᠪᠣᠳᠠᠲᠠᠶ ᠳᠠᠭᠠᠭᠠᠨ ᠠᠪᠴᠤ ᠬᠦᠢᠴᠡᠳᠭᠡᠭᠦ ᠶᠢᠨ ᠬᠠᠮᠲᠤ ᠴᠠᠭ ᠬᠤᠭᠤᠴᠠᠭ᠎ᠠ ᠪᠠ ᠠᠵᠢᠯ ᠤᠨ ᠱᠠᠭᠠᠷᠳᠠᠯᠭ᠎ᠠ ᠶᠣᠰᠣᠭᠠᠷ ᠴᠢᠨᠠᠷ ᠰᠠᠶᠢᠳᠠᠢ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃    ︵ᠬᠤᠶᠠᠷ︶ ᠤᠬᠠᠭᠤᠯᠭ᠎ᠠ ᠪᠠᠨ ᠴᠢᠩᠭᠠᠳᠬᠠᠵᠤ᠂ ᠬᠥᠲᠥᠯᠥᠨ ᠵᠢᠯᠣᠭᠤᠳᠬᠤ ᠶᠢ ᠠᠩᠬᠠᠷᠬᠤ ᠬᠡᠷᠡᠭᠲᠡᠶ᠃    ᠡᠯ᠎ᠡ ᠨᠢᠭᠡᠴᠡ ᠨᠦᠭᠦᠳ ᠲᠧᠯᠸᠢᠰ᠂ ᠰᠦᠯᠵᠢᠶ᠎ᠡ᠂ ᠰᠣᠨᠢᠨ ᠰᠡᠳᠬᠦᠯ᠂ ᠤᠬᠠᠭᠤᠯᠭ᠎ᠠ ᠶᠢᠨ ᠪᠤᠯᠤᠩ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠦᠢᠯᠡᠴᠢᠯᠡᠭᠡᠨ ᠤ ᠬᠠᠯᠠᠮᠰᠢᠯ ᠤᠲᠠᠰᠤ ᠶᠢ ᠥᠷᠭᠡᠨ ᠢᠶᠠᠷ ᠤᠬᠠᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠭᠤᠯᠭ᠎ᠠ᠂ ᠠᠷᠭ᠎ᠠ ᠬᠡᠯᠪᠡᠷᠢ ᠪᠣᠯᠤᠨ ᠵᠣᠷᠢᠯᠭ᠎ᠠ ᠶᠢ ᠭᠤᠤᠯᠳᠠᠯᠭ᠎ᠠ ᠲᠠᠢ ᠤᠬᠠᠭᠤᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃    ︵ᠭᠤᠷᠪᠠ︶ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠠᠨᠤᠮᠵᠢ ᠶᠢᠨ ᠬᠡᠮᠵᠢᠶ᠎ᠡ ᠪᠠᠨ ᠲᠡᠭᠡᠭᠰᠢᠯᠡᠬᠦᠯᠬᠦ ᠬᠡᠷᠡᠭᠳᠡᠢ    ᠡᠯ᠎ᠡ ᠨᠢᠭᠡᠴᠡ ᠨᠢ ᠲᠣᠰ ᠨᠢᠭᠡᠴᠡ ᠶᠢᠨ ᠢᠶᠠᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢ ᠨᠠᠷᠢᠨ  ᠬᠢᠨᠠᠮᠠᠭᠠᠢ ᠡᠮᠬᠢᠯᠡᠵᠦ᠂ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠠᠵᠢᠯᠲᠠᠨ ᠤ ᠠᠵᠢᠯ ᠤᠨ ᠦᠷ᠎ᠡ ᠪᠦᠲᠦᠮᠵᠢ ᠪᠠ ᠰᠢᠢᠳᠪᠦᠷᠢᠯᠡᠬᠦ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠭᠡᠭᠰᠢᠯᠡᠬᠦᠯᠦᠨ᠎ᠡ᠃                             ᠤᠷᠴᠢᠭᠤᠯᠤᠬᠴᠢ᠄  ᠬᠠᠨ ᠰᠢᠶᠤᠤ ᠿᠦᠩ                             ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3