ᠬᠡᠤᠬᠡᠳ ᠢ ᠡᠷᠡᠭᠦᠯᠵᠢᠭᠦᠯᠬᠦ ᠦᠨ᠎ᠡ ᠲᠥᠯᠥᠪᠦᠷᠢ ᠦᠭᠡᠢ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠬᠦᠷᠴᠦ ᠢᠷᠡᠯ᠎ᠡ
ᠨᠡᠶᠢᠲᠡᠯᠡᠭᠰᠡᠨ ᠴᠠᠭ᠄
2020/11/4
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠵᠡᠮᠳᠡᠭ ᠬᠡᠦᠬᠡᠳ ᠢ ᠡᠷᠡᠭᠦᠯᠵᠢᠭᠦᠯᠦᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠦᠨᠳᠦᠰᠦᠯᠡᠪᠡᠯ᠂ ᠲᠤᠰ ︽ᠰᠠᠨᠠᠯ︾ ᠨᠢ ᠨᠠᠷᠢᠯᠢᠭ ᠤᠨᠤᠪᠴᠢᠳᠠᠢ ᠡᠲᠡᠭᠡᠳ ᠢ ᠲᠤᠭᠳᠠᠭᠠᠬᠤ᠂ ᠨᠠᠷᠢᠯᠢᠭ ᠤᠨᠤᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠨᠠᠷᠢᠯᠢᠭ ᠤᠨᠤᠪᠴᠢᠳᠠᠢ ᠪᠠᠷ ᠬᠢᠨᠠᠯᠲᠠ ᠲᠠᠯᠪᠢᠬᠤ᠂ ᠨᠠᠷᠢᠯᠢᠭ ᠤᠨᠤᠪᠴᠢᠳᠠᠢ ᠪᠠᠷ ᠬᠠᠮᠢᠶᠠᠷᠬᠤ ᠵᠡᠷᠭᠡ ᠪᠠᠷ ᠳᠠᠮᠵᠢᠭᠤᠯᠤᠨ᠂ ᠵᠡᠮᠳᠡᠭ ᠬᠡᠤᠬᠡᠳ ᠤᠨ ᠦᠨᠳᠦᠰᠦᠨ ᠡᠷᠡᠭᠡᠯᠵᠡᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠳᠤᠯᠠᠪᠠ᠃    ᠹᠧᠩᠵᠧᠨ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠡᠯᠵᠡᠯ ᠤᠨ ᠰᠠᠯᠠᠭ᠎ᠠ ᠪᠣᠯ ᠤᠯᠠᠭᠠᠨᠴᠠᠪ ᠬᠤᠲᠠ ᠶᠢᠨ ᠵᠡᠮᠳᠡᠭ ᠬᠡᠦᠬᠡᠳ ᠢ ᠡᠷᠡᠭᠦᠯᠵᠢᠭᠦᠯᠬᠦ ᠲᠣᠭᠲᠠᠭᠰᠠᠨ ᠪᠠᠶᠢᠭᠤᠯᠤᠮᠵᠢ ᠪᠠᠶᠢᠵᠦ᠂ ᠹᠧᠩᠵᠧᠨ ᠬᠤᠲᠠ ᠵᠢᠴᠢ ᠡᠷᠭᠢᠨ ᠲᠣᠭᠤᠷᠢᠨ ᠤ ᠬᠤᠰᠢᠭᠤ ᠰᠢᠶᠠᠨ ᠤ ᠬᠡᠤᠬᠡᠳ ᠢ ᠰᠦᠢᠳᠭᠡᠯ ᠬᠤᠷᠢᠶᠠᠬᠤ ᠦᠭᠡᠢ ᠪᠠᠷ ᠡᠷᠡᠭᠦᠯᠵᠢᠭᠦᠯᠬᠦ ᠶᠢ ᠬᠠᠷᠢᠭᠤᠴᠠᠵᠤ ᠪᠤᠢ᠃    ᠨᠢᠭᠡ᠂ ᠠᠪᠤᠷᠠᠨ ᠲᠤᠰᠠᠯᠠᠬᠤ ᠡᠲᠡᠭᠡᠳ    ︵ᠨᠢᠭᠡ︶ ᠡᠲᠡᠭᠡᠳ ᠤᠨ ᠬᠦᠷᠢᠶ᠎ᠡ ᠬᠡᠪᠴᠢᠶ᠎ᠡ᠃ ᠠᠪᠤᠷᠠᠨ ᠲᠤᠰᠠᠯᠠᠬᠤ ᠡᠲᠡᠭᠡᠳ ᠨᠢ 0 — 8 ᠨᠠᠰᠤᠨ ᠤ ᠬᠠᠷᠠᠭ᠎ᠠ᠂ ᠰᠣᠨᠣᠰᠬᠤ ᠴᠢᠳᠠᠪᠤᠷᠢ᠂ ᠦᠭᠡ ᠬᠡᠯᠡ᠂ ᠮᠥᠴᠢ ︵ᠲᠠᠷᠢᠬᠢᠨ ᠤ ᠰᠠ ᠡᠪᠡᠳᠴᠢᠨ ᠪᠠᠭᠲᠠᠨ᠎ᠠ︶᠂ ᠣᠶᠤᠨ ᠴᠢᠳᠠᠪᠤᠷᠢ ᠵᠡᠷᠭᠡ ᠲᠠᠯ᠎ᠠ ᠪᠠᠷ ᠵᠡᠮᠳᠡᠭ ᠬᠡᠤᠬᠡᠳ ᠪᠠ ᠭᠠᠭᠴᠠᠭᠠᠷᠳᠠᠮᠠᠯ ᠭᠡᠮ ︵ᠵᠣᠵᠢᠭ ᠬᠡᠮ︶ ᠲᠠᠢ ᠬᠡᠤᠬᠡᠳ ᠢ ᠪᠠᠭᠲᠠᠭᠠᠨ᠎ᠠ᠃    ︵ᠬᠤᠶᠠᠷ︶ ᠠᠪᠤᠷᠠᠨ ᠲᠤᠰᠠᠯᠠᠬᠤ ᠨᠥᠬᠦᠴᠡᠯ᠃ ᠳᠣᠤᠷᠠᠬᠢ ᠨᠥᠬᠦᠴᠡᠯ ᠳᠤ ᠨᠡᠶᠢᠴᠡᠭᠰᠡᠨ᠄ ᠤᠯᠠᠭᠠᠨᠴᠠᠪ ᠬᠤᠲᠠ ᠶᠢᠨ ᠡᠷᠦᠬᠡ ᠠᠮᠠ ᠶᠢᠨ ᠲᠠᠩᠰᠠ ︵ᠣᠷᠣᠰᠢᠨ ᠰᠠᠭᠤᠬᠤ ᠦᠨᠡᠮᠯᠡᠯ︶ ᠲᠠᠢ︔ ᠵᠡᠮᠳᠡᠭᠴᠦᠳ ᠤᠨ ᠦᠨᠡᠮᠯᠡᠯ ᠪᠤᠶᠤ ᠰᠢᠶᠠᠨ ᠤ ᠱᠠᠲᠤᠨ ᠠᠴᠠ ᠳᠡᠭᠡᠭᠰᠢᠬᠢ ᠵᠡᠮᠳᠡᠭᠴᠦᠳ ᠤᠨ ᠳᠡᠰ ᠢ ᠦᠨᠡᠯᠡᠨ ᠲᠤᠭᠳᠠᠭᠠᠬᠤ ᠪᠠᠶᠢᠭᠤᠯᠤᠮᠵᠢ ᠪᠤᠶᠤ ᠭᠤᠷᠪᠠᠳᠤᠭᠠᠷ ᠳᠡᠰ ᠠᠴᠠ ᠳᠡᠭᠡᠭᠰᠢᠬᠢ ᠬᠢᠷᠢ ᠴᠢᠳᠠᠮᠵᠢ ᠲᠠᠢ ᠡᠮᠨᠡᠯᠭᠡ ᠶᠢᠨ ᠬᠤᠷᠢᠶ᠎ᠠ ᠠᠴᠠ ᠬᠢᠵᠦ ᠥᠭᠭᠦᠭᠰᠡᠨ ᠣᠨᠣᠰᠢᠯᠠᠭᠰᠠᠨ ᠭᠡᠷᠡᠴᠢ ᠲᠠᠢ︔ ᠡᠷᠡᠭᠦᠯᠵᠢᠭᠦᠯᠬᠦ ᠱᠠᠭᠠᠷᠳᠠᠯᠭ᠎ᠠ ᠲᠠᠢ ᠪᠥᠭᠡᠳ ᠲᠤᠰᠬᠠᠶ ᠡᠮᠴᠢᠯᠡᠭᠡᠨ ᠤ ᠡᠷᠡᠭᠦᠯᠵᠢᠯ ᠤᠨ ᠪᠠᠶᠢᠭᠤᠯᠤᠮᠵᠢ ᠪᠠᠷ ᠲᠤᠳᠤᠷᠬᠠᠢ ᠣᠨᠣᠰᠢᠯᠠᠭᠤᠯᠵᠤ᠂ ᠵᠣᠬᠢᠴᠠᠩᠭᠤᠶ ᠡᠷᠡᠭᠦᠯᠵᠢᠯ ᠤᠨ ᠵᠣᠬᠢᠴᠠᠯᠳᠤᠯ ᠤᠨ ᠰᠢᠨᠵᠢ ᠲᠡᠮᠳᠡᠭ ᠲᠠᠢ ᠪᠠᠶᠢᠬᠤ︔ ᠠᠵᠤ ᠠᠬᠤᠶ ᠨᠢ ᠬᠦᠴᠢᠷᠳᠡᠯᠲᠡᠶ ᠭᠡᠷ ᠪᠦᠯᠢ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ᠂ ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠵᠡᠮᠳᠡᠭ ᠬᠡᠤᠬᠡᠳ ᠪᠠ ᠵᠡᠮᠳᠡᠭ ᠥᠨᠥᠴᠢᠨ ᠬᠡᠤᠬᠡᠳ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠤᠬᠡᠳ᠂ ᠬᠡᠤᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠰᠠᠷᠠᠨ ᠲᠡᠵᠢᠭᠡᠵᠦ  ᠪᠠᠶᠢᠭ᠎ᠠ ᠵᠡᠮᠳᠡᠭ ᠬᠡᠤᠬᠡᠳ ᠪᠠ ᠪᠤᠰᠤᠳ ᠠᠵᠤ ᠠᠬᠤᠢ ᠨᠢ ᠬᠦᠴᠢᠷᠳᠡᠯᠲᠡᠢ ᠭᠡᠷ ᠪᠦᠯᠢ ᠶᠢᠨ ᠵᠡᠮᠳᠡᠭ ᠬᠡᠦᠬᠡᠳ ᠢ ᠪᠠᠭᠳᠠᠭᠠᠨ᠎ᠠ᠃    ᠬᠤᠶᠠᠷ᠂ ᠠᠪᠤᠷᠠᠨ ᠲᠤᠰᠠᠯᠠᠬᠤ ᠶᠠᠪᠤᠴᠠ    ︵ᠨᠢᠭᠡ︶ ᠭᠤᠶᠤᠴᠢᠯᠠᠬᠤ᠃ ᠵᠡᠮᠳᠡᠭ ᠬᠡᠤᠬᠡᠳ ᠤᠨ ᠬᠢᠨᠠᠨ ᠬᠠᠮᠠᠭᠠᠯᠠᠭᠴᠢ ᠨᠢ ᠹᠧᠩᠵᠧᠨ ᠬᠤᠲᠠ ᠶᠢᠨ ᠵᠡᠮᠳᠡᠭᠴᠦᠳ ᠤᠨ ᠬᠤᠯᠪᠣᠭ᠎ᠠ ᠳᠤ ᠡᠷᠡᠭᠦᠯᠵᠢᠭᠦᠯᠦᠨ ᠠᠪᠤᠷᠠᠨ ᠲᠤᠰᠠᠯᠠᠬᠤ ᠭᠤᠶᠤᠴᠢᠯᠠᠯ ᠢᠶᠠᠨ ᠰᠢᠭᠤᠳ ᠳᠤᠷᠠᠳᠴᠤ ᠪᠣᠯᠤᠨ᠎ᠠ᠃ ᠭᠤᠶᠤᠴᠢᠯᠠᠬᠤ ᠳᠠᠭᠠᠨ ᠡᠷᠬᠡᠪᠰᠢ ᠭᠤᠶᠤᠴᠢᠯᠠᠭᠴᠢ ᠶᠢᠨ ︽ᠵᠡᠮᠳᠡᠭᠴᠦᠳ ᠤᠨ ᠦᠨᠡᠮᠯᠡᠯ︾ ᠪᠤᠶᠤ ᠡᠮᠨᠡᠯᠭᠡ ᠶᠢᠨ ᠬᠤᠷᠢᠶᠠᠨ ᠤ ᠣᠨᠣᠰᠢᠯᠠᠭᠰᠠᠨ ᠭᠡᠷᠡᠴᠢ᠂ ᠪᠡᠶ᠎ᠡ ᠶᠢᠨ ᠦᠨᠡᠮᠯᠡᠯ ︵ᠣᠷᠣᠰᠢᠨ ᠰᠠᠭᠤᠬᠤ ᠦᠨᠡᠮᠯᠡᠯ︶ ᠪᠤᠶᠤ ᠡᠷᠦᠬᠡ ᠠᠮᠠ ᠶᠢᠨ ᠳᠡᠪᠲᠡᠷ᠂ ᠠᠵᠤ ᠠᠬᠤᠶ ᠬᠦᠴᠢᠷᠳᠡᠯᠲᠡᠶ ᠪᠤᠰᠤᠳ ᠦᠨᠡᠮᠯᠡᠯ ︵ᠪᠤᠰᠤᠳ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠳᠡᠢ ᠬᠥᠮᠦᠰ ᠲᠤ ᠡᠷᠬᠡᠪᠰᠢ ᠭᠤᠶᠤᠴᠢᠯᠠᠭᠴᠢ ᠶᠢᠨ ᠪᠠᠶᠢᠭ᠎ᠠ ᠲᠣᠰᠬᠤᠨ ᠪᠤᠶᠤ ᠨᠡᠶᠢᠭᠡᠮ ᠲᠣᠭᠤᠷᠢᠭ ᠠᠴᠠ ᠠᠯᠪᠠᠨ ᠲᠠᠮᠠᠭ᠎ᠠ ᠳᠠᠷᠤᠭᠰᠠᠨ ᠠᠵᠤ ᠠᠬᠤᠶ ᠶᠢᠨ ᠬᠦᠴᠢᠷᠳᠡᠯ ᠤᠨ ᠭᠡᠷᠡᠴᠢ ᠪᠢᠴᠢᠭ ᠬᠢᠵᠦ ᠥᠭᠬᠦ ᠬᠡᠷᠡᠭᠲᠡᠶ︶ ᠵᠡᠷᠭᠡ ᠮᠠᠲ᠋ᠧᠷᠢᠶᠠᠯ ᠤᠨ ᠣᠭ ᠮᠠᠲ᠋ᠧᠷᠢᠶᠠᠯ ᠢ ᠭᠠᠷᠭᠠᠵᠤ ᠥᠭᠬᠦ ᠬᠡᠷᠡᠭᠲᠡᠶ᠃    ︵ᠬᠤᠶᠠᠷ︶ ᠬᠢᠨᠠᠨ ᠬᠠᠷᠭᠤᠭᠤᠯᠬᠤ᠃ ᠨᠥᠬᠦᠴᠡᠯ ᠳᠤ ᠨᠡᠶᠢᠴᠡᠭᠰᠡᠨ ᠡᠳᠡᠭᠡᠳ ᠨᠢ ᠹᠧᠩᠵᠧᠨ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠰᠠᠯᠠᠭ᠎ᠠ ᠳᠤ ᠬᠦᠷᠴᠦ᠂ ᠵᠡᠮᠳᠡᠭ ᠬᠡᠤᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠬᠠᠮᠢᠶ᠎ᠠ ᠪᠦᠬᠦᠢ ᠪᠠᠷᠢᠮᠵᠢᠶ᠎ᠠ ᠶᠢ ᠦᠨᠳᠦᠰᠦᠯᠡᠨ ᠬᠢᠨᠠᠨ ᠬᠠᠷᠭᠤᠭᠤᠯᠵᠤ᠂ ᠮᠠᠭᠠᠳᠯᠠᠨ ᠲᠣᠭᠲᠠᠭᠠᠨ᠎ᠠ᠃    ᠭᠠᠵᠠᠷ᠄ ᠹᠧᠩᠵᠧᠨ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠥᠪ    ᠯᠠᠪᠯᠠᠬᠤ ᠤᠲᠠᠰᠤ᠄ ᠬᠤᠤ ᠡᠷᠬᠢᠯᠡᠭᠴᠢ 15947680002                          ᠨᠠᠶᠢᠷᠠᠭᠤᠯᠤᠭᠴᠢ᠄ ᠵᠢᠶᠠ ᠷᠠᠨ ᠲᠦᠩ                          ᠤᠷᠴᠢᠭᠤᠯᠤᠭᠴᠢ᠄ ᠬᠠᠨ ᠰᠢᠶᠤᠤ ᠿᠦᠩ                          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3