| | ᠲᠦᠷᠦᠭᠦᠬᠡᠨ᠂ ᠮᠠᠨ ᠤ ᠬᠤᠲᠠ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ ᠲᠥᠷᠥ ᠶᠢᠨ ᠶᠠᠪᠤᠳᠠᠯ ᠤᠨ | ᠬᠤᠷᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠳᠠᠩᠰᠠᠯᠠᠯᠲᠠ ᠶᠢᠨ ᠠᠵᠢᠯ ᠤᠨ ᠳᠠᠶᠢᠴᠢᠯᠠᠯᠲᠠ ᠶᠢᠨ ᠸᠢᠳᠢᠣ᠋ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ | ᠬᠥᠮᠦᠨ ᠤ ᠬᠦᠴᠦᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠥᠮᠦᠰ ᠬᠤᠷᠠᠯ ᠳᠤ | ᠣᠷᠣᠯᠴᠠᠪᠠ᠃ | | ᠬᠤᠷᠠᠯ ᠳᠡᠭᠡᠷ᠎ᠡ᠂ ᠬᠡᠰᠡᠭ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠤᠭ᠎ᠠ | ᠪᠦᠷᠢᠳᠭᠡᠯ ᠤᠨ ᠲᠣᠪᠴᠢᠶ᠎ᠠ ᠶᠢᠨ ᠳᠠᠷᠤᠭ᠎ᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ | ᠠᠵᠢᠯ ᠤᠨ ᠪᠡᠯᠡᠳᠬᠡᠯ ᠠᠵᠢᠯ ᠤᠨ ᠲᠤᠬᠠᠶ ᠶᠠᠷᠢᠶ᠎ᠠ ᠲᠠᠯᠪᠢᠪᠠ︔ ᠲᠥᠷᠥ ᠶᠢᠨ ᠶᠠᠪᠤᠳᠠᠯ ᠤᠨ ᠬᠤᠷᠢᠶᠠᠨ ᠤ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠳᠠᠷᠤᠭ᠎ᠠ ᠨᠢᠩ ᠵᠢᠶ ᠵᠧ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠳᠤ | ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃ ᠲᠥᠷᠥ ᠶᠢᠨ ᠶᠠᠪᠤᠳᠠᠯ ᠤᠨ ᠬᠤᠷᠢᠶ᠎ᠠ 2020 ᠣᠨ ᠤ 11 ᠰᠠᠷ᠎ᠠ ᠶᠢᠨ | 1 ᠤ ᠡᠳᠦᠷ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠬᠢᠬᠦ ᠪᠠᠷ | ᠲᠣᠭᠲᠠᠪᠠ᠃ ᠡᠨᠡ ᠤᠳᠠᠭᠠᠨ ᠤ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠪᠠ | ᠤᠯᠤᠰ ᠤᠨ ᠬᠦᠴᠦᠨ ᠤ ᠪᠠᠶᠢᠴᠠᠭᠠᠯᠲᠠ ᠪᠠᠶᠢᠵᠦ᠂ ᠮᠠᠨ ᠤ ᠤᠯᠤᠰ ᠤᠨ ᠪᠠᠶᠢᠳᠠᠯ ᠢ ᠲᠣᠳᠣᠷᠬᠠᠶ ᠤᠶᠢᠯᠠᠭᠠᠬᠤ᠂ | ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠥᠮᠦᠨ ᠠᠮᠠ ᠶᠢᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠥᠮᠦᠨ ᠠᠮᠠ ᠶᠢᠨ | ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠳᠤ ᠴᠢᠬᠤᠯᠠ ᠪᠥᠭᠡᠳ ᠠᠯᠤᠰ ᠭᠡᠳᠤ ᠶᠢᠨ | ᠠᠴᠢ ᠬᠤᠯᠪᠣᠭᠳᠠᠯ ᠲᠠᠢ ᠶᠤᠮ᠃ | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |