ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠪᠠ
ᠨᠡᠶᠢᠲᠡᠯᠡᠭᠰᠡᠨ ᠴᠠᠭ᠄
2020/11/5
     ᠦᠨᠦ ᠨᠢᠭᠡᠨᠲᠡ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠤᠷᠤᠵᠦ᠂ ᠡᠪᠡᠰᠦ ᠮᠣᠳᠣ ᠬᠠᠳᠠᠨ᠂ ᠭᠠᠯ ᠰᠡᠷᠭᠡᠶᠢᠯᠡᠬᠦ ᠠᠵᠢᠯ ᠤᠨ ᠪᠠᠶᠢᠳᠠᠯ ᠲᠦᠢᠯ ᠤᠨ ᠬᠦᠨᠳᠦ ᠬᠡᠴᠡᠭᠦᠤ ᠪᠤᠯᠤᠬᠰᠠᠨ ᠠᠴᠠ ᠲᠡᠭᠡᠳᠤ ᠱᠠᠲᠤᠨ ᠤ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮᠤᠷ ᠡᠪᠦᠯ ᠤᠨ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠦᠨᠡᠨᠬᠦ ᠰᠠᠶᠢᠳᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠭᠡ᠂ 10 ᠰᠠᠷ᠎ᠠ ᠶᠢᠨ 25 ᠤ ᠡᠳᠦᠷ᠂ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠶ ᠬᠤᠩ ᠭᠠᠯ ᠰᠡᠷᠭᠡᠶᠢᠯᠡᠬᠦ ᠠᠵᠢᠯᠲᠠᠳ ᠢ ᠳᠠᠭᠠᠭᠤᠯᠤᠨ ᠪᠧᠶ ᠱᠠᠨ ᠠᠮᠢ ᠠᠬᠤᠶ ᠶᠢᠨ ᠴᠡᠴᠡᠷᠯᠢᠭ ᠢᠶᠠᠷ ᠲᠣᠭᠤᠷᠢᠨ ᠪᠠᠶᠢᠴᠠᠭᠠᠬᠤ ᠶᠢᠨ ᠬᠠᠮᠲᠤ ᠮᠠᠯᠲᠠᠬᠤ ᠮᠠᠰᠢᠨ ᠢ ᠰᠢᠯᠵᠢᠭᠦᠯᠦᠨ ᠬᠡᠷᠡᠭᠯᠡᠵᠦ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠮᠠᠯᠲᠠᠨ ᠭᠠᠷᠭᠠᠵᠤ᠂ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠢᠯᠠᠯᠲᠠ ᠣᠯᠬᠤ ᠶᠢ ᠦᠨᠡᠨᠬᠦ ᠪᠠᠳᠤᠯᠠᠪᠠ᠃                          ᠤᠷᠴᠢᠭᠤᠯᠤᠬᠴᠢ᠄  ᠬᠠᠨ ᠰᠢᠶᠤᠤ ᠿᠦᠩ                          ᠬᠢᠨᠠᠬᠴᠢ᠄  ᠼᠦᠢ ᠶᠢᠩ                  
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3