| ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠨᠠᠮᠤᠷ ᠡᠪᠦᠯ ᠤᠨ ᠤᠯᠠᠷᠢᠯ ᠤᠨ ᠣᠢ | ᠰᠢᠭᠤᠶ ᠨᠤᠳᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮᠤᠷ ᠡᠪᠦᠯ ᠤᠨ ᠤᠯᠠᠷᠢᠯ ᠤᠨ ᠣᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠰᠠᠢᠲᠤᠷ ᠬᠢᠬᠦ ᠶᠢᠨ ᠲᠥᠯᠥᠭᠡ᠂ 10 ᠰᠠᠷ᠎ᠠ ᠶᠢᠨ | 30 ᠤ ᠡᠳᠦᠷ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠲᠠᠳ᠋ ᠳᠠᠷᠤᠭ᠎ᠠ ᠡᠤ | ᠯᠢ ᠵᠢᠶᠠ ᠪᠠᠶᠢᠴᠠᠭᠠᠬᠤ ᠪᠦᠯᠬᠦᠮ ᠳᠠᠭᠠᠭᠤᠯᠤᠨ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ | ᠭᠠᠵᠠᠷ ᠤᠨ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ | ᠤᠨᠲᠠᠷᠠᠭᠠᠬᠤ ᠠᠵᠢᠯ ᠳᠤ ᠰᠢᠪᠠᠳᠠᠨ ᠪᠠᠶᠢᠴᠠᠭᠠᠯᠲᠠ ᠬᠢᠪᠠ᠃ | | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠳᠠ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ | ᠶᠠᠷᠢᠯᠴᠠᠬᠤ᠂ ᠬᠠᠷᠢᠭᠤ ᠮᠡᠳᠡᠭᠦᠯᠦᠯᠲᠡ ᠰᠤᠨᠤᠰᠬᠤ᠂ ᠪᠢᠴᠢᠭ ᠮᠠᠲ᠋ᠧᠷᠢᠶᠠᠯ ᠪᠠᠶᠢᠴᠠᠭᠠᠨ ᠦᠵᠡᠬᠦ᠂ ᠰᠤᠷᠪᠤᠯᠵᠢᠯᠠᠵᠤ | ᠯᠠᠪᠯᠠᠨ ᠠᠰᠠᠭᠤᠬᠤ ᠵᠡᠷᠭᠡ ᠬᠡᠯᠪᠡᠷᠢ ᠪᠠᠷ ᠶᠠᠪᠤᠬᠳᠠᠵᠦ᠂ ᠠᠵᠢᠯ ᠤᠨ ᠪᠠᠶᠢᠷᠢᠯᠠᠭᠤᠯᠤᠯᠲᠠ᠂ ᠪᠠᠶᠢᠭᠤᠯᠤᠯ ᠲᠣᠭᠲᠠᠴᠠ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠤᠬᠠᠭᠤᠯᠭ᠎ᠠ | ᠬᠥᠮᠦᠵᠢᠯ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ | ᠡᠩᠨᠡᠭᠡᠨ ᠤ ᠪᠠᠶᠢᠭᠤᠯᠤᠯᠲᠠ᠂ ᠰᠠᠭᠤᠷᠢ ᠪᠠᠶᠢᠭᠤᠯᠤᠯᠲᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠠᠷᠢᠨ ᠬᠢᠨᠠᠮᠠᠭᠠᠶ | ᠰᠢᠮᠳᠠᠭᠤᠯᠤᠨ ᠪᠠᠶᠢᠴᠠᠭᠠᠪᠠ᠃ | ᠡᠤ ᠯᠢ ᠵᠢᠶᠠ ᠵᠢᠭᠠᠵᠤ ᠭᠠᠷᠭᠠᠭᠰᠠᠨ ᠨᠢ᠂ ᠪᠢᠳᠡ ᠵᠠᠪᠠᠯ ᠲᠡᠭᠡᠳᠤ ᠱᠠᠲᠤᠨ ᠤ ᠣᠢ ᠰᠢᠭᠤᠶ ᠨᠤᠲᠤᠭ | ᠪᠡᠯᠴᠢᠭᠡᠷ ᠤᠨ ᠰᠡᠷᠭᠡᠶᠢᠯᠡᠯᠲᠡ ᠶᠢᠨ ᠵᠢᠭᠠᠯᠲᠠ ᠶᠣᠰᠣᠭᠠᠷ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ | ᠲᠠᠨᠢᠯᠲᠠ ᠪᠠᠨ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠨᠢᠮᠪᠠᠶ ᠵᠣᠬᠢᠶᠠᠨ | ᠪᠠᠶᠢᠭᠤᠯᠤᠨ᠂ ᠨᠠᠮᠤᠷ ᠡᠪᠦᠯ ᠤᠨ ᠤᠯᠠᠷᠢᠯ ᠤᠨ ᠣᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠰᠠᠶᠢᠳᠤᠷ ᠠᠳᠬᠤᠵᠤ᠂ | ᠮᠠᠨ ᠤ ᠬᠤᠲᠠ ᠶᠢᠨ ᠨᠠᠮᠤᠷ ᠡᠪᠦᠯ ᠤᠨ ᠤᠯᠠᠷᠢᠯ ᠤᠨ ᠣᠢ ᠰᠢᠭᠤᠢ ᠶᠢᠨ ᠭᠠᠯ ᠰᠡᠷᠭᠡᠶᠢᠯᠡᠬᠦ ᠪᠣᠭᠤᠮᠲᠠ ᠰᠢᠪᠲᠤᠯᠬᠤ | ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠲᠡᠢ︔ ᠣᠢ ᠰᠢᠭᠤᠶ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠮᠡᠭᠡ ᠨᠡᠪᠲᠡᠷᠡᠯᠭᠡ ᠶᠢ ᠰᠠᠭᠠᠳ ᠦᠭᠡᠢ ᠨᠡᠪᠲᠡᠷᠡᠭᠦᠯᠵᠦ᠂ ᠴᠠᠭ | ᠲᠤᠬᠠᠶ ᠳᠤᠨᠢ ᠴᠤᠤᠷᠢᠶᠠᠲᠤᠨ ᠳᠠᠭᠠᠵᠤ᠂ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ | ᠲᠦᠪᠰᠢᠨ ᠢ ᠦᠨᠡᠨᠬᠦ ᠪᠠᠲᠤᠯᠠᠵᠤ᠂ ᠭᠠᠯ ᠤᠨ ᠠᠶᠤᠯ ᠤᠨ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |