ᠬᠤᠳᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠲᠤᠭᠤᠶᠢᠯᠠᠩ ᠠᠷᠪᠠᠨ ᠲᠠᠪᠤᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠵᠢᠴᠢ ︽ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠶ᠎ᠠ︾  ᠭᠡᠬᠦ ᠲᠤᠰᠬᠠᠶ ᠰᠡᠳᠦᠪᠲᠦ ᠰᠤᠷᠤᠯᠴᠠᠬᠤ ᠬᠤᠷᠠᠯ ᠢ ᠶᠠᠪᠤᠭᠤᠯᠪᠠ
ᠨᠡᠶᠢᠲᠡᠯᠡᠭᠰᠡᠨ ᠴᠠᠭ᠄
2020/11/5
      11 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠠᠷᠪᠠᠨ ᠲᠠᠪᠤᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠶ᠎ᠠ︾ ᠭᠡᠬᠦ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠢᠪᠠ᠃
   ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ ᠪᠣᠯᠤᠨ ᠬᠤᠲᠠ ᠶᠢᠨ ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠵᠠᠩ ᠵᠢᠶ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠰᠢᠶᠣᠤ ᠯᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠤᠨᠲ ᠤᠨ ᠬᠡᠯᠲᠡᠰ ᠤᠨ ᠣᠨᠣᠯ ᠵᠢᠭᠠᠨ ᠰᠤᠳᠤᠯᠬᠤ ᠲᠠᠰᠤᠭ ᠤᠨ ᠪᠠᠭᠰᠢ ᠵᠠᠩ ᠰᠢᠶᠤᠤ ᠮᠧᠩ ︽ᠦᠨᠳᠦᠰᠦᠲᠡᠨ ᠤ ᠠᠵᠢᠯ ᠢ ᠭᠦᠨᠵᠡᠭᠡᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠶ᠎ᠠ︾ ᠭᠡᠬᠦ ᠰᠡᠳᠤᠪ ᠤᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠪᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠨ ᠪᠢᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠳᠡᠢ ᠪᠣᠯᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠮᠡᠳᠡᠭᠳᠡᠯ︾ ᠭᠡᠬᠦ ᠬᠤᠶᠠᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠪᠠ᠃    ᠲᠠᠶᠢᠯᠤᠮᠵᠢ ᠨᠢ ᠪᠠᠶᠠᠯᠢᠭ ᠬᠡᠷᠡᠭ ᠤᠨ ᠵᠢᠱᠢᠶ᠎ᠡ᠂ ᠲᠣᠳᠣᠷᠬᠠᠶ ᠰᠡᠳᠬᠢᠮᠵᠢ᠂ ᠳᠥᠭᠦᠮ ᠣᠶᠢᠯᠠᠭᠠᠮᠵᠢᠲᠠᠶ ᠬᠢᠴᠢᠶᠡᠯᠯᠡᠬᠦ ᠠᠷᠭ᠎ᠠ ᠮᠠᠶ᠋ᠢᠭ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠣᠨᠣᠪᠴᠢᠲᠠᠶ ᠥᠭᠦᠯᠡᠨ ᠲᠣᠭᠠᠴᠢᠵᠤ᠂ ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠳᠤ ᠣᠨᠣᠯ ᠤᠨ ᠲᠤᠯᠭᠠᠭᠤᠷᠢᠯᠠᠯ ᠪᠠ ᠦᠢᠯᠡᠳᠦᠯᠭᠡ ᠶᠢᠨ ᠵᠢᠯᠣᠭᠤᠳᠣᠯᠭ᠎ᠠ ᠬᠠᠩᠭᠠᠪᠠ᠃    ᠳ᠋ᠧᠩ ᠰᠢᠶᠣᠤ ᠯᠢ ᠳ᠋ᠦᠩᠨᠡᠯᠲᠡ ᠬᠢᠬᠦ ᠳᠡᠭᠡᠨ ᠴᠢᠬᠤᠯᠠᠴᠢᠯᠠᠭᠰᠠᠨ ᠨᠢ᠂ ᠪᠢᠳᠡ ᠡᠨᠡ ᠤᠳᠠᠭᠠᠨ ᠤ ᠭᠤᠤᠯ ᠳᠤᠭᠤᠶᠢᠯᠠᠩ ᠤᠨ ᠰᠤᠷᠤᠯᠴᠠᠯᠭ᠎ᠠ ᠪᠠᠷ ᠲᠣᠬᠢᠶᠠᠯ ᠪᠣᠯᠭᠠᠨ᠂ ᠤᠯᠤᠰ ᠲᠥᠷᠥ ᠶᠢᠨ ᠵᠤᠭᠰᠤᠯᠳᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠵᠢᠴᠢ ᠬᠤᠣᠰ ᠬᠡᠯᠡᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤᠮᠳᠠᠬᠢ ᠠᠰᠠᠭᠤᠳᠠᠯ ᠢ ᠨᠠᠷᠢᠨ ᠬᠢᠨᠠᠮᠠᠭᠠᠢ ᠡᠷᠢᠵᠦ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠪᠠ ᠭᠡᠮ ᠰᠣᠭᠤᠭ ᠢ ᠭᠦᠨᠵᠡᠭᠡᠶ ᠵᠠᠳᠠᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠬᠢᠨᠠᠮᠠᠭᠠᠶ ᠰᠢᠰᠲ᠋ᠧᠮ ᠲᠠᠢ ᠪᠠᠷ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠨᠠᠩ ᠰᠠᠶᠢᠨ ᠦᠢᠯᠡᠳᠦᠯᠭᠡᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠨᠢᠮᠪᠠᠶ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠪᠦᠬᠦ ᠬᠤᠲᠠ ᠶᠢᠨ ᠦᠨᠳᠦᠰᠦᠲᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠳᠡᠢ᠃                         ᠤᠷᠴᠢᠭᠤᠯᠤᠭᠴᠢ᠄ ᠬᠠᠨ ᠰᠢᠶᠣᠣ ᠿᠦᠩ                         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3