| ᠮᠠᠨ ᠤ ᠬᠤᠲᠠ ᠶᠢᠨ ᠬᠢᠳᠠᠳ ᠮᠣᠩᠭᠤᠯ ᠡᠮᠨᠡᠯᠭᠡ ᠶᠢᠨ ᠬᠤᠷᠢᠶ᠎ᠠ ᠲᠤᠰᠬᠠᠢ ᠮᠡᠷᠭᠡᠵᠢᠯ ᠤᠨ ᠲᠤᠰᠬᠠᠢ ᠡᠮᠨᠡᠯᠭᠡ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠮᠣᠩᠭᠤᠯ ᠡᠮ ᠡᠮᠨᠡᠯᠭᠡ ᠶᠢᠨ ᠣᠨᠴᠠᠯᠢᠭ | ᠪᠣᠯᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠬᠤᠲᠠ ᠶᠢᠨ ᠠᠷᠠᠳ ᠲᠦᠮᠡᠨ ᠳᠤ ᠰᠠᠶᠢᠨ ᠰᠠᠶᠢᠬᠠᠨ ᠡᠮ | ᠡᠮᠨᠡᠯᠭᠡ ᠶᠢᠨ ᠪᠠᠲᠤᠯᠠᠭ᠎ᠠ ᠬᠠᠩᠭᠠᠪᠠ᠃ | | ᠬᠢᠳᠠᠳ ᠮᠣᠩᠭᠤᠯ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠡᠮᠴᠢ | ᠵᠣᠣ ᠬᠤᠩ ᠴᠧᠨ 2019 ᠣᠨ ᠳᠤ ᠤᠯᠠᠭᠠᠨᠴᠠᠪ ᠬᠤᠲᠠ ᠶᠢᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠠᠴᠠ ᠲᠡᠭᠦᠰᠴᠦ᠂ ᠤᠳᠤ ᠬᠦᠨᠳᠦ ᠡᠪᠡᠳᠴᠢᠨ ᠤ ᠡᠮᠨᠡᠯᠭᠡ ᠶᠢᠨ ᠰᠠᠯᠠᠭᠠᠨ ᠤ ᠡᠮᠴᠢ ᠪᠠᠷ | ᠠᠵᠢᠯᠯᠠᠵᠤ ᠪᠤᠢ᠃ ᠡᠳᠦᠷ ᠲᠤᠲᠤᠮ ᠤᠨ ᠣᠨᠣᠰᠢᠯᠠᠨ ᠡᠮᠨᠡᠬᠦ ᠶᠠᠪᠤᠴᠠ ᠳᠤ᠂ ᠵᠤᠤ ᠬᠤᠩ ᠴᠧᠨ ᠡᠪᠡᠳᠴᠢᠲᠡᠨ ᠪᠣᠯᠤᠨ ᠭᠡᠷ | ᠪᠦᠯᠢ ᠶᠢᠨ ᠬᠦᠮᠦᠰ ᠲᠠᠢ ᠬᠦᠯᠢᠴᠡᠩᠭᠦᠶ ᠪᠠᠷ ᠶᠠᠷᠢᠯᠴᠠᠵᠤ᠂ ᠡᠪᠡᠳᠴᠢᠳᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ | ᠂ ᠡᠪᠡᠳᠴᠢᠲᠡᠨ ᠵᠢᠴᠢ ᠭᠡᠷ ᠤᠨ ᠬᠥᠮᠦᠰ ᠤᠨ ᠮᠠᠭᠲᠠᠭᠠᠯ ᠰᠠᠶᠢᠰᠢᠶᠠᠯ ᠢ ᠤᠯᠪᠠ᠃ ᠲᠤᠬᠠᠶᠢᠯᠠᠭᠰᠠᠨ ᠠᠵᠢᠯ ᠢᠶᠠᠨ ᠰᠠᠶᠢᠲᠤᠷ | ᠪᠡᠶᠡᠯᠡᠭᠦᠯᠬᠦ ᠠᠴᠠ ᠭᠠᠳᠠᠨ᠎ᠠ᠂ ᠵᠤᠤ ᠬᠤᠩ ᠴᠧᠨ ᠪᠠᠰᠠ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠩ ᠤᠨ | ᠦᠶ᠎ᠡ ᠳᠤ ᠮᠣᠩᠭᠤᠯ ᠬᠡᠯᠡ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠢᠳᠡᠪᠬᠢᠳᠡᠢ | ᠲᠦᠷᠦᠭᠦᠯᠡᠨ ᠰᠤᠷᠤᠯᠴᠠᠵᠤ᠂ ᠡᠯ᠎ᠡ ᠰᠠᠯᠠᠭ᠎ᠠ ᠲᠠᠰᠤᠭ ᠪᠣᠯᠤᠨ ᠮᠣᠩᠭᠤᠯ ᠡᠪᠡᠳᠴᠢᠲᠡᠨ ᠤ ᠣᠷᠴᠢᠭᠤᠯᠭ᠎ᠠ ᠶᠢᠨ ᠠᠵᠢᠯ ᠵᠢᠴᠢ | ᠡᠮᠨᠡᠯᠭᠡ ᠶᠢᠨ ᠬᠤᠷᠢᠶᠠᠨ ᠤ ᠡᠷᠬᠢᠯᠡᠭᠰᠡᠨ ᠡᠯ᠎ᠡ ᠲᠥᠷᠥᠯ ᠤᠨ ᠠᠵᠢᠯᠲᠠᠨ ᠠᠵᠢᠯᠴᠢᠨ ᠤ ᠬᠥᠳᠡᠯᠭᠡᠭᠡᠨ ᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠳᠡᠭ᠃ ᠲᠡᠷᠡ ᠪᠣᠯ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ | ᠠᠵᠢᠯᠲᠠᠨ ᠤ ᠭᠠᠷᠮᠠᠭᠠᠢ ᠲᠥᠯᠥᠭᠡᠯᠡᠭᠴᠢ ᠮᠥᠨ᠃ | | 2018 ᠣᠨ ᠳᠤ ᠬᠢᠳᠠᠳ ᠮᠣᠩᠭᠤᠯ ᠡᠮᠨᠡᠯᠭᠡ ᠶᠢᠨ ᠬᠤᠷᠢᠶ᠎ᠠ ᠰᠢᠨ᠎ᠡ ᠰᠠᠭᠤᠷᠢᠨ ᠳᠤ ᠨᠡᠭᠦᠭᠰᠡᠨ ᠠᠴᠠ ᠨᠠᠭᠠᠰᠢ᠂ | ᠡᠮᠨᠡᠯᠭᠡ ᠶᠢᠨ ᠬᠤᠷᠢᠶᠠᠨ ᠤ ᠵᠠᠷᠤᠳᠠᠯ ᠬᠡᠷᠡᠭᠰᠡᠯ ᠤᠨ ᠲᠥᠬᠦᠭᠡᠷᠦᠮᠵᠢ ᠶᠢᠨ ᠨᠥᠬᠦᠴᠡᠯ ᠶᠡᠬᠡᠪᠡᠷ ᠳᠡᠭᠡᠭᠰᠢᠯᠡᠵᠦ᠂ ᠱᠠᠲᠤ | ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠩ ᠰᠠᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ | ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢᠨ | ᠬᠠᠮᠲᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠵᠦᠶ ᠵᠣᠬᠢᠰᠲᠠᠶ ᠡᠷᠳᠡᠮ ᠰᠢᠨᠵᠢᠯᠡᠭᠡᠨ ᠤ ᠱᠠᠲᠤᠯᠵᠢᠨ ᠡᠩᠨᠡᠭᠡ ᠶᠢ ᠪᠠᠶᠢᠭᠤᠯᠵᠤ᠂ ᠠᠳᠠᠯᠢ ᠨᠥᠬᠦᠴᠡᠯ ᠤᠨ ᠳᠣᠤᠷ᠎ᠠ᠂ | ᠴᠥᠭᠡᠨ ᠲᠣᠭᠠᠲᠤ ᠦᠨᠳᠦᠰᠦᠲᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠤᠷᠢᠳᠠᠪᠠᠷ ᠡᠯᠰᠡᠨ ᠬᠡᠷᠡᠭᠯᠡᠪᠡ᠃ ᠲᠤᠰᠬᠠᠶ | ᠮᠡᠷᠭᠡᠵᠢᠯᠲᠡᠨ ᠤ ︽ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠪᠠ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠤ ᠠᠨᠠᠭᠠᠬᠤ ᠤᠬᠠᠭᠠᠨ ᠤ ᠮᠡᠳᠡᠯᠭᠡ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | | | | | | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠥᠭᠵᠢᠯᠲᠡ ᠶᠢᠨ ᠶᠠᠪᠤᠴᠠ ᠳᠠᠭᠠᠨ᠂ ᠲᠤᠰᠬᠠᠶ ᠰᠠᠯᠠᠭᠠᠨ ᠤ ᠪᠠᠶᠢᠭᠤᠯᠤᠯᠲᠠ | ᠬᠢᠭᠡᠳ ᠮᠣᠩᠭᠤᠯ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠬᠡᠷᠡᠭᠯᠡᠯᠲᠡ ᠶᠢ ᠴᠢᠬᠤᠯᠠᠴᠢᠯᠠᠨ ᠴᠢᠩᠭᠠᠳᠬᠠᠵᠤ᠂ | ᠡᠮᠨᠡᠯᠭᠡ ᠶᠢᠨ ᠬᠤᠷᠢᠶᠠᠨ ᠤ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ | ᠦᠷᠭᠦᠯᠵᠢ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠬᠢ ᠮᠣᠩᠭᠤᠯ ᠡᠮ | ᠡᠮᠨᠡᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠡᠷᠭᠡᠵᠢᠯ ᠤᠨ ᠭᠤᠤᠯᠯᠠᠭᠴᠢ ᠶᠢ ᠰᠣᠩᠭᠤᠨ ᠲᠣᠮᠢᠯᠠᠵᠤ ᠮᠣᠩᠭᠤᠯ | ᠡᠮᠨᠡᠯᠭᠡ ᠶᠢᠨ ᠡᠮᠴᠢᠯᠡᠭᠡ ᠵᠡᠷᠭᠡ ᠲᠣᠬᠢᠷᠠᠮᠵᠢᠲᠠᠶ ᠮᠡᠷᠭᠡᠵᠢᠯ ᠢ ᠳᠠᠪᠲᠠᠨ ᠪᠣᠯᠪᠠᠰᠤᠷᠠᠭᠤᠯᠬᠤ ᠶᠢᠨ ᠬᠠᠮᠲᠤ ᠡᠳᠦᠷ ᠲᠤᠲᠤᠮ ᠤᠨ | ᠣᠨᠣᠰᠢᠯᠠᠨ ᠡᠮᠨᠡᠬᠦ ᠶᠠᠪᠤᠴᠠ ᠳᠤ ᠢᠳᠡᠪᠬᠢᠳᠡᠢ ᠪᠠᠷ ᠳᠡᠯᠭᠡᠷᠡᠭᠦᠯᠪᠡ᠃ ᠵᠡᠰ ᠪᠣᠷᠲᠣᠭᠤ ᠪᠠᠷ ᠵᠠᠰᠠᠬᠤ ᠠᠷᠭ᠎ᠠ ᠪᠠ ᠴᠠᠢ ᠪᠠᠷ | ᠲᠥᠭᠡᠨᠡᠬᠦ ᠵᠠᠰᠠᠯ ᠵᠡᠷᠭᠡ ᠮᠣᠩᠭᠤᠯ ᠡᠮᠨᠡᠯᠭᠡ ᠶᠢᠨ ᠮᠡᠷᠭᠡᠵᠢᠯ ᠢ ᠦᠷᠨᠢᠭᠦᠯᠵᠦ᠂ ᠡᠮᠴᠢᠯᠡᠭᠡᠨ ᠳᠤ ᠬᠠᠨᠤᠮᠵᠢᠲᠠᠢ ᠡᠮᠴᠢᠯᠡᠭᠡᠨ ᠤ | ᠦᠷ᠎ᠡ ᠪᠦᠲᠦᠮᠵᠢ ᠪᠠ ᠨᠡᠯᠢᠶᠡᠳ ᠰᠠᠶᠢᠨ ᠨᠡᠶᠢᠭᠡᠮ ᠤᠨ ᠦᠷ᠎ᠡ ᠠᠰᠢᠭ ᠤᠯᠪᠠ᠃ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠣᠣ ᠿᠦᠩ | ᠬᠢᠨᠠᠭᠴᠢ᠄ ᠼᠦᠢ ᠶᠢᠩ | | |