ᠮᠠᠨ ᠤ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠪᠠᠶᠢᠭᠤᠯᠭ᠎ᠠ ᠰᠠᠨ ᠢ ᠴᠢᠤᠸᠠᠨ ᠪᠠᠭ᠎ᠠ ᠰᠤᠷᠭᠠᠭᠤᠯᠢ ᠳᠤ ᠬᠠᠶᠢᠷ᠎ᠠ ᠬᠠᠯᠠᠮᠵᠢᠳᠤ ᠬᠠᠨᠳᠢᠪᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/11/5
     11 ᠰᠠᠷ᠎ᠠ ᠶᠢᠨ 4 ᠤ ᠡᠳᠦᠷ᠂ ᠮᠠᠨ ᠤ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠠ ᠶᠢᠨ ᠨᠠᠮ ᠤᠨ ᠬᠤᠷᠢᠶ᠎ᠠ ᠵᠡᠷᠭᠡ ᠨᠢᠭᠡᠴᠡ ᠰᠠᠨ ᠢ ᠴᠢᠤᠸᠠᠨ ᠪᠠᠭ᠎ᠠ ᠰᠤᠷᠭᠠᠭᠤᠯᠢ ᠳᠤ ᠬᠠᠮᠲᠤᠷᠠᠨ ᠬᠠᠶᠢᠷ᠎ᠠ ᠬᠠᠯᠠᠮᠵᠢᠳᠤ ᠬᠠᠨᠳᠢᠪᠯᠠᠬᠤ ᠶᠣᠰᠣᠯᠠᠯ ᠶᠠᠪᠤᠭᠤᠯᠪᠠ᠃
   ᠬᠠᠮᠢᠶ᠎ᠠ ᠪᠦᠬᠦᠢ ᠬᠠᠷᠢᠭᠤᠴᠠᠯᠭᠠᠲᠠᠨ ᠶᠣᠰᠣᠯᠠᠯ ᠳᠡᠭᠡᠷ᠎ᠡ ᠢᠯᠡᠷᠬᠡᠶᠢᠯᠡᠭᠰᠡᠨ ᠨᠢ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠠᠯᠠᠮᠵᠢᠯᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠠᠶᠢᠵᠤ᠂ ᠬᠡᠦᠬᠡᠳ ᠨᠢᠭᠡᠪᠦᠷᠢ ᠳᠤ ᠴᠥᠮ ᠰᠠᠶᠢᠨ ᠰᠠᠶᠢᠬᠠᠨ ᠰᠤᠷᠭᠠᠨ ᠬᠥᠮᠦᠵᠢᠯ ᠬᠦᠷᠳᠡᠭᠡᠬᠦ ᠶᠢᠨ ᠬᠠᠮᠳᠤ᠂ ᠨᠡᠶᠢᠭᠡᠮ ᠤᠨ ᠡᠯ᠎ᠡ ᠡᠲᠡᠭᠡᠳ ᠤᠨ ᠬᠠᠪᠰᠤᠷᠤᠯᠭ᠎ᠠ ᠪᠠᠷ ᠲᠡᠳᠡᠨ ᠢ ᠨᠡᠩ ᠢᠯᠡᠭᠦᠤ ᠴᠢᠷᠮᠠᠶᠢᠨ ᠰᠤᠷᠤᠯᠴᠠᠭᠤᠯᠵᠤ᠂ ᠤᠯᠤᠰ ᠣᠷᠣᠨ ᠤ ᠲᠤᠯᠭᠠᠭᠤᠷᠢ ᠬᠦᠴᠦᠨ ᠪᠤᠯᠭᠠᠬᠤ ᠶᠢ ᠬᠦᠰᠡᠵᠦ ᠪᠤᠢ᠂ ᠡᠭᠦᠨ ᠤ ᠬᠠᠮᠲᠤ ᠡᠨᠡ ᠬᠦ ᠬᠠᠶᠢᠷ᠎ᠠ ᠬᠠᠯᠠᠮᠵᠢ ᠶᠢ  ᠦᠷᠬᠦᠯᠵᠢᠯᠡᠨ ᠵᠠᠯᠭᠠᠮᠵᠢᠯᠠᠶ᠎ᠠ᠃
   ᠡᠨᠡ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠳᠠᠷᠤᠶ ᠨᠡᠶᠢᠭᠡᠮ ᠤᠨ ᠬᠦᠴᠦᠨ ᠢ ᠳᠠᠶᠢᠴᠢᠯᠠᠬᠤ ᠪᠠ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠳᠤᠪᠠᠷ ᠬᠠᠯᠠᠮᠵᠢᠯᠠᠵᠤ᠂ ᠭᠡᠷ ᠪᠦᠯᠢ᠂ ᠰᠤᠷᠭᠠᠭᠤᠯᠢ ᠪᠠ ᠨᠡᠶᠢᠭᠡᠮ ᠭᠤᠷᠪᠠ ᠶᠢ ᠨᠢᠭᠡ ᠴᠣᠭᠴᠠᠵᠢᠭᠤᠯᠤᠭᠰᠠᠨ ᠤᠷᠲᠤ ᠬᠤᠭᠤᠴᠠᠭᠠᠨ ᠤ ᠪᠦᠳᠦᠮᠵᠢᠲᠦ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠤᠨ ᠲᠥᠷᠥᠯ ᠰᠠᠳᠤᠨ ᠤ ᠬᠠᠶᠢᠷ᠎ᠠ ᠬᠠᠯᠠᠮᠵᠢ ᠲᠠᠢ᠂ ᠰᠤᠷᠤᠯᠭ᠎ᠠ ᠶᠢᠨ ᠵᠢᠭᠠᠪᠤᠷᠢ ᠲᠠᠢ᠂ ᠠᠮᠤᠷ ᠲᠦᠪᠰᠢᠨ ᠤ ᠪᠠᠳᠤᠯᠠᠭ᠎ᠠ ᠲᠠᠢ ᠪᠠᠶᠢᠯᠭᠠᠬᠤ ᠳᠤ ᠪᠤᠢ᠃ ᠪᠠᠰᠠ ᠬᠡᠤᠬᠡᠳ ᠤᠳ ᠤᠨ ᠰᠤᠷᠤᠯᠴᠠᠬᠤ ᠲᠣᠬᠢᠶᠠᠯ ᠢᠶᠠᠨ ᠨᠠᠨᠳᠢᠩᠨᠠᠨ ᠬᠠᠶᠢᠷᠠᠯᠠᠵᠤ᠂ ᠬᠠᠶᠢᠷ᠎ᠠ ᠰᠡᠳᠭᠢᠯᠬᠡ ᠪᠠ ᠠᠴᠢ ᠬᠠᠷᠢᠭᠤᠯᠬᠤ ᠰᠡᠳᠭᠢᠯᠭᠡ ᠶᠢ ᠪᠤᠢ ᠪᠤᠯᠭᠠᠵᠤ᠂ ᠢᠳᠡᠪᠬᠢ ᠬᠦᠴᠦᠨ ᠢ ᠤᠯᠠᠮᠵᠢᠯᠠᠨ᠂ ᠡᠯᠪᠡᠭ ᠪᠠᠶᠠᠯᠢᠭ ᠮᠡᠳᠡᠯᠭᠡ ᠪᠠ ᠬᠠᠶᠢᠷ᠎ᠠ ᠬᠠᠯᠠᠮᠵᠢ ᠪᠠᠷ ᠨᠡᠶᠢᠭᠡᠮ ᠤᠨ ᠠᠴᠢ ᠶᠢ ᠬᠠᠷᠢᠭᠤᠯᠬᠤ ᠶᠢ ᠵᠤᠷᠢᠭᠵᠢᠭᠤᠯᠪᠠ᠃ ᠳᠠᠷᠠᠭ᠎ᠠ ᠨᠢ᠂ ᠰᠤᠷᠭᠠᠭᠤᠯᠢ ᠶᠢᠨ ᠬᠠᠷᠢᠭᠤᠴᠠᠯᠭᠠᠲᠠᠨ ᠪᠣᠯᠤᠨ ᠰᠣᠷᠣᠭᠴᠢ ᠶᠢᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠪᠠ᠃    ᠡᠨᠡ ᠤᠳᠠᠭᠠᠨ ᠤ ᠠᠵᠢᠯᠯᠠᠭ᠎ᠠ ᠨᠢ ᠰᠤᠷᠭᠠᠭᠤᠯᠢ ᠳᠤ ᠬᠥᠨᠵᠢᠯᠡ ᠳᠡᠪᠢᠰᠬᠡᠷ᠂ ᠪᠣᠭᠴᠣ ᠵᠡᠷᠭᠡ ᠰᠤᠷᠤᠯᠭ᠎ᠠ ᠶᠢᠨ ᠬᠡᠷᠡᠭᠰᠡᠯ ᠢ ᠬᠠᠨᠳᠢᠪᠯᠠᠪᠠ᠃                    ᠨᠠᠶᠢᠷᠠᠭᠤᠯᠤᠭᠴᠢ᠄ ᠵᠢᠶᠠ ᠷᠠᠨ ᠲᠦᠩ                    ᠤᠷᠴᠢᠭᠤᠯᠤᠭᠴᠢ᠄ ᠬᠠᠨ ᠰᠢᠶᠣᠣ ᠿᠦᠩ                    ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3