| ᠤᠩᠰᠢᠭᠴᠢᠳ ᠤᠨ ᠤᠩᠰᠢᠯᠭ᠎ᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ | ᠤᠩᠰᠢᠭᠴᠢᠳ ᠢ ᠰᠣᠨᠢᠨ ᠰᠡᠳᠬᠦᠯ ᠵᠠᠬᠢᠶᠠᠯᠠᠬᠤ ᠳᠤ ᠣᠷᠣᠯᠴᠠᠭᠤᠯᠬᠤ ᠶᠢᠨ ᠲᠦᠯᠦᠭᠡ᠂ ᠰᠣᠨᠢᠨ ᠰᠡᠳᠬᠦᠯ | ᠵᠠᠬᠢᠶᠠᠯᠠᠬᠤ ᠤᠯᠠᠷᠢᠯ ᠬᠦᠷᠴᠦ ᠢᠷᠡᠬᠦ ᠲᠠᠰᠢᠷᠠᠮ ᠢᠶᠠᠷ᠂ ᠹᠧᠩᠵᠧᠨ ᠬᠤᠲᠠ ᠶᠢᠨ ᠨᠣᠮ ᠤᠨ ᠰᠠᠩ ᠥᠷᠭᠡᠨ ᠣᠯᠠᠨ | ᠬᠤᠲᠠ ᠶᠢᠨ ᠠᠷᠠᠳ ᠲᠤ ᠬᠠᠨᠳᠤᠭᠤᠯᠤᠨ ︽ᠲᠠ ᠰᠡᠳᠬᠦᠯ ᠰᠤᠩᠭᠤᠵᠦ᠂ ᠪᠢ ᠲᠣᠭᠠᠴᠠᠭ᠎ᠠ ᠬᠢᠶ᠎ᠡ︾ ᠭᠡᠬᠦ | ᠠᠵᠢᠯᠯᠠᠭ᠎ᠠ ᠶᠢ ᠦᠷᠨᠢᠭᠦᠯᠬᠦ ᠪᠠᠷ ᠪᠤᠢ᠃ ᠲᠤᠰ ᠠᠵᠢᠯᠯᠠᠭ᠎ᠠ ᠪᠠᠷ ᠳᠠᠮᠵᠢᠭᠤᠯᠤᠨ ᠬᠡᠰᠡᠭ ᠰᠣᠨᠢᠨ ᠰᠡᠳᠬᠦᠯ ᠤᠨ | ᠵᠠᠬᠢᠶᠠᠯᠠᠨ ᠠᠪᠬᠤ ᠡᠷᠬᠡ ᠶᠢ ᠤᠩᠰᠢᠭᠴᠢᠳ ᠲᠤ ᠲᠤᠰᠢᠶᠠᠨ᠂ ᠤᠩᠰᠢᠭᠴᠢᠳ ᠢ ᠰᠣᠨᠢᠨ ᠰᠡᠳᠬᠦᠯ ᠵᠠᠬᠢᠶᠠᠯᠠᠬᠤ᠂ | ᠨᠣᠮ ᠤᠨ ᠰᠠᠩ ᠪᠠ ᠮᠦᠽᠧᠶ ᠳᠤ ᠬᠠᠳᠠᠭᠠᠯᠠᠵᠤ ᠪᠠᠶᠢᠭ᠎ᠠ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠲᠦᠭᠡᠨ | ᠪᠪᠠᠶᠢᠭᠤᠯᠤᠯᠳᠠ ᠳᠤ ᠣᠷᠣᠯᠴᠠᠭᠤᠯᠵᠤ᠂ ᠪᠡᠶ᠎ᠡ ᠪᠠᠨ ᠳᠠᠭᠠᠭᠠᠵᠤ ᠰᠣᠨᠢᠨ ᠰᠡᠳᠬᠦᠯ ᠰᠤᠩᠭᠤᠬᠤ ᠪᠠ ᠰᠣᠨᠢᠨ | ᠰᠡᠳᠬᠦᠯ ᠤᠩᠰᠢᠬᠤ ᠬᠠᠪᠤ ᠴᠡᠩᠭᠡᠯ ᠢ ᠣᠶᠢᠯᠠᠭᠠᠭᠤᠯᠤᠨ᠎ᠠ᠃ ᠬᠤᠯᠪᠣᠭᠳᠠᠯ ᠪᠦᠬᠦᠢ ᠵᠦᠢᠯᠡᠰ ᠳᠣᠣᠷᠠᠬᠢ ᠮᠡᠲᠦ᠄ | ᠨᠢᠭᠡ᠂ ᠠᠵᠢᠯᠯᠠᠭ᠎ᠠ ᠬᠢᠬᠦ ᠴᠠᠭ᠄ 11 ᠰᠠᠷ᠎ᠠ ᠶᠢᠨ 4 ᠤ ᠡᠳᠦᠷ ᠠᠴᠠ 11 ᠰᠠᠷ᠎ᠠ ᠶᠢᠨ 23 ᠤ ᠡᠳᠦᠷ | ᠬᠤᠶᠠᠷ᠂ ᠠᠵᠢᠯᠯᠠᠭ᠎ᠠ ᠬᠢᠬᠦ ᠭᠠᠵᠠᠷ ᠵᠢᠴᠢ ᠣᠷᠣᠯᠴᠠᠬᠤ ᠠᠷᠭ᠎ᠠ ᠮᠠᠶ᠋ᠢᠭ᠄ | ᠰᠦᠯᠵᠢᠶᠡᠨ ᠳᠣᠣᠷ᠎ᠠ᠄ ᠰᠣᠨᠢᠨ ᠰᠡᠳᠬᠦᠯ ᠤᠩᠰᠢᠬᠤ ᠲᠠᠰᠤᠭ ᠲᠤ᠂ ᠲᠤᠬᠠᠢ ᠶᠢᠨ ᠲᠠᠯᠠᠪᠤᠷ ᠲᠤ ᠬᠦᠰᠦᠨᠦᠭᠲᠦ | ᠲᠠᠭᠯᠠᠨ᠎ᠠ᠃ | ᠰᠦᠯᠵᠢᠶᠡᠨ ᠳᠡᠭᠡᠷ᠎ᠡ᠄ ᠹᠧᠩᠵᠧᠨ ᠬᠤᠲᠠ ᠶᠢᠨ ᠨᠣᠮ ᠤᠨ ᠰᠠᠩ ᠤᠨ ᠠᠯᠪᠠᠨ ᠤ ᠲᠠᠯ᠎ᠠ ᠶᠢᠨ ᠸᠢᠴᠠᠲ ᠤᠨ | ᠲᠠᠪᠴᠠᠩ ᠳᠡᠭᠡᠷ᠎ᠡ᠂ ᠬᠦᠰᠦᠨᠦᠭᠲᠦ ᠲᠠᠭᠯᠠᠭᠰᠠᠨ ᠤ ᠳᠠᠷᠠᠭ᠎ᠠ᠂ ᠳᠣᠣᠷᠠᠬᠢ ᠵᠠᠬᠢᠳᠠᠯ ᠤᠨ ᠬᠠᠶᠢᠷᠴᠠᠭ ᠲᠤ | ᠶᠠᠪᠤᠭᠤᠯᠤᠭᠠᠷᠠᠢ᠄ fzstsg2020@163. com᠃ | ᠲᠠᠶᠢᠯᠪᠤᠷᠢ᠄ ᠲᠠᠨᠢᠯᠴᠠᠭᠤᠯᠬᠤ ᠮᠡᠳᠡᠭᠡ ᠵᠠᠩᠭᠢ ᠳᠤ ᠰᠣᠨᠢᠨ ᠰᠡᠳᠬᠦᠯ ᠤᠨ ᠨᠡᠷᠡᠶᠢᠳᠦᠯ᠂ ᠰᠢᠤᠳᠠᠨ | ᠲᠠᠷᠬᠠᠭᠠᠯᠲᠠ ᠶᠢᠨ ᠣᠷᠣᠯᠠᠬᠤ ᠳ᠋ᠤᠭᠠᠷ᠂ ᠣᠯᠠᠨ ᠤᠯᠤᠰ ᠤᠨ ᠪᠠᠷᠢᠮᠵᠢᠶᠠᠲᠤ ᠬᠡᠪᠯᠡᠯ ᠤᠨ ᠳ᠋ᠤᠭᠠᠷ᠂ ᠲᠠᠨᠢᠯᠴᠠᠭᠤᠯᠬᠤ | ᠤᠴᠢᠷ ᠰᠢᠯᠳᠠᠭᠠᠨ ᠵᠡᠷᠭᠡ ᠮᠡᠳᠡᠭᠡ ᠵᠠᠩᠭᠢ ᠶᠢ ᠲᠣᠳᠣᠷᠬᠠᠶ ᠪᠢᠴᠢᠬᠦ ᠬᠡᠷᠡᠭᠲᠡᠶ᠃ | ᠨᠠᠷᠢᠯᠢᠭ ᠤᠨᠤᠪᠴᠢᠳᠠᠢ ᠪᠠᠷ ᠦᠢᠯᠡᠴᠢᠯᠡᠬᠦ ᠪᠣᠯ ᠮᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠮᠥᠨ︔ | ᠤᠩᠰᠢᠭᠴᠢᠳ ᠤᠨ ᠬᠡᠷᠡᠭᠴᠡᠭᠡ ᠪᠣᠯ ᠮᠠᠨ ᠤ ᠴᠢᠷᠮᠠᠶᠢᠬᠤ ᠴᠢᠭᠯᠡᠯ ᠮᠥᠨ᠃ ᠹᠧᠩᠵᠧᠨ ᠬᠤᠲᠠ ᠶᠢᠨ ᠨᠣᠮ ᠤᠨ | ᠰᠠᠩ ᠤᠨ 2021 ᠤᠨ ᠤ ᠰᠣᠨᠢᠨ ᠰᠡᠳᠬᠦᠯ ᠵᠠᠬᠢᠶᠠᠯᠠᠬᠤ ᠠᠵᠢᠯ ᠪᠤᠯ ᠳᠠᠷᠤᠢ ᠪᠢᠳᠡ ᠤᠤᠯ ᠶᠤᠰᠤᠭᠠᠷ | ᠦᠷᠭᠦᠯᠵᠢᠯᠡᠨ ᠤᠩᠰᠢᠭᠴᠢᠳ ᠲᠤ ᠡᠭᠦᠳᠡ ᠪᠠᠨ ᠨᠡᠭᠡᠭᠡᠵᠦ᠂ ᠥᠷᠭᠡᠨ ᠤᠯᠠᠨ ᠤᠩᠰᠢᠭᠴᠢᠳ ᠤᠨ ᠥᠪᠡᠷ ᠤᠨ | ᠳᠤᠷᠠᠲᠠᠶ ᠰᠤᠨᠢᠨ ᠰᠡᠳᠬᠦᠯ ᠤᠨ ᠮᠡᠳᠡᠭᠡ ᠵᠠᠩᠭᠢ ᠪᠠᠨ ᠪᠢᠳᠡᠨ ᠳᠤ ᠬᠠᠩᠭᠠᠬᠤ ︵ᠬᠥᠮᠦᠨ ᠪᠦᠷᠢ ᠳᠤ 5 ᠵᠦᠢᠯ | ᠬᠠᠩᠭᠠᠬᠤ ᠪᠠᠷ ᠬᠢᠵᠠᠭᠠᠷᠯᠠᠨ᠎ᠠ︶ ᠶᠢ ᠪᠠᠶᠠᠷᠯᠠᠨ ᠤᠭᠲᠤᠨ᠎ᠠ᠃ ᠪᠢᠳᠡ ᠲᠠᠨ ᠤ ᠬᠠᠩᠭᠠᠭᠰᠠᠨ ᠰᠣᠨᠢᠨ ᠰᠡᠳᠬᠦᠯ ᠤᠨ | ᠮᠡᠳᠡᠭᠡ ᠵᠠᠩᠭᠢ ᠶᠢ ᠬᠤᠷᠢᠶᠠᠩᠭᠤᠶᠢᠯᠠᠨ ᠦᠨᠡᠯᠡᠵᠦ᠂ ᠲᠠᠨ ᠤ ᠳᠤᠷᠠᠲᠠᠶ ᠰᠣᠨᠢᠨ ᠰᠡᠳᠬᠦᠯ ᠢ ᠮᠠᠨ ᠤ ᠮᠦᠽᠧᠶ ᠶᠢᠨ | ᠬᠠᠳᠠᠭᠠᠯᠠᠬᠤ ᠡᠬᠢ ᠪᠠᠶᠠᠯᠢᠭ ᠲᠠᠭᠠᠨ ᠤᠷᠤᠭᠤᠯᠵᠤ᠂ ᠴᠢᠨᠠᠷ ᠰᠠᠶᠢᠲᠠᠶ ᠰᠣᠨᠢᠨ ᠰᠡᠳᠬᠦᠯ ᠢᠶᠠᠷ ᠤᠩᠰᠢᠭᠴᠢᠳ ᠤᠨ | ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠣᠮ ᠤᠨ ᠰᠠᠩ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ᠨᠣᠮ ᠤᠨ ᠰᠠᠩ ᠤᠨ ᠤᠩᠰᠢᠬᠤ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ | ᠭᠦᠢᠴᠡᠳ ᠪᠠᠳᠠᠷᠠᠭᠤᠯᠬᠤ ᠶᠢ ᠪᠠᠳᠤᠯᠠᠨ᠎ᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |