| 11 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠺᠠᠳ᠋ᠷ ᠴᠠᠭᠳᠠᠭ᠎ᠠ | ᠨᠠᠷ ᠢ ᠵᠣᠬᠢᠶᠠᠨ ᠪᠠᠶᠢᠭᠤᠯᠤᠨ ᠬᠤᠲᠠ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ | ᠰᠤᠷᠭᠠᠭᠤᠯᠢ᠂ ᠮᠢᠩ ᠵᠦ ᠨᠡᠶᠢᠭᠡᠮ ᠲᠤᠭᠤᠷᠢᠭ᠂ ᠤᠦ ᠸᠧᠢ ᠴᠡᠴᠡᠷᠯᠢᠭ ᠤᠨ ᠣᠷᠣᠨ ᠰᠠᠭᠤᠴᠠ ᠶᠢᠨ ᠵᠢᠵᠢᠭ | ᠲᠣᠭᠤᠷᠢᠭ ᠵᠡᠷᠭᠡ ᠭᠠᠵᠠᠷ ᠲᠤ ᠬᠦᠷᠴᠦ᠂ ᠨᠡᠶᠢᠳᠡᠯᠢᠭ ᠮᠡᠬᠡᠯᠡᠯ ᠢ ᠰᠡᠷᠭᠡᠶᠢᠯᠡᠬᠦ — ︽ᠺᠠᠷᠲ ᠲᠠᠰᠤᠯᠬᠤ | ᠠᠵᠢᠯᠯᠠᠭ᠎ᠠ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ | | ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠤᠷᠠᠯ ᠤᠨ ᠭᠡᠷ ᠲᠤ᠂ | ᠪᠠᠶᠢᠴᠠᠭᠠᠬᠤ ᠬᠤᠷᠢᠶᠠᠨ ᠤ ᠺᠠᠳ᠋ᠷ ᠴᠠᠭᠳᠠᠭ᠎ᠠ ᠨᠠᠷ ︽ᠺᠠᠷᠲ ᠲᠠᠰᠤᠯᠬᠤ ᠠᠵᠢᠯᠯᠠᠭ᠎ᠠ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ ᠪᠠᠷ ᠭᠤᠤᠯ ᠰᠡᠳᠦᠪ ᠪᠣᠯᠭᠠᠵᠤ᠂ ︽ᠭᠠᠷ ᠤᠲᠠᠰᠤᠨ ᠤ ᠺᠠᠷᠲ︾ ᠪᠠ ︽ | ᠪᠠᠩᠬᠢ ᠶᠢᠨ ᠺᠠᠷᠲ︾ ᠵᠡᠷᠭᠡ ᠬᠤᠶᠠᠷ ᠺᠠᠷᠲ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠶ | ᠥᠷᠭᠡᠨ ᠣᠯᠠᠨ ᠰᠤᠷᠤᠭᠴᠢᠳ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠵᠦ᠂ ᠪᠣᠳᠠᠲᠠᠶ ᠬᠡᠷᠡᠭ ᠤᠨ | ᠵᠢᠱᠢᠶ᠎ᠡ ᠨᠦᠭᠦᠳ ᠢᠶᠠᠷ ᠬᠠᠮᠲᠤ ᠰᠤᠷᠤᠭᠴᠢᠳ ᠲᠤ ︽ᠺᠠᠷᠲ ᠲᠠᠰᠤᠯᠬᠤ ᠠᠵᠢᠯᠯᠠᠭ᠎ᠠ︾ ᠶᠢᠨ ᠪᠣᠳᠠᠲᠠᠶ ᠠᠭᠤᠯᠭ᠎ᠠ ᠪᠠ | ᠠᠴᠢ ᠬᠤᠯᠪᠣᠭᠳᠠᠯ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠠᠷᠠᠰᠠᠯᠲᠤ ᠦᠷᠡᠭᠳᠡᠯ ᠵᠢᠴᠢ | ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢ ᠬᠡᠷᠬᠢᠨ ᠳᠡᠭᠡᠭᠰᠢᠯᠡᠭᠦᠯᠬᠦ ᠲᠤᠬᠠᠶ | ᠲᠣᠳᠣᠷᠬᠠᠶᠢᠯᠠᠨ ᠲᠠᠶᠢᠯᠪᠦᠷᠢᠯᠠᠬᠰᠠᠨ ᠢᠶᠠᠷ ᠪᠠᠷᠠᠬᠤ ᠦᠬᠡᠢ ᠥᠷᠭᠡᠨ ᠤᠯᠠᠨ ᠰᠤᠷᠤᠭᠴᠢᠳ ᠤᠨ ᠡᠭᠡᠳᠡᠷᠡᠭᠡᠨ | ᠪᠤᠳᠤᠯᠢᠶᠠᠨᠲᠠᠢ ᠰᠦᠯᠵᠢᠶᠡᠨ ᠤ ᠶᠢᠷᠳᠢᠨᠴᠦ ᠳᠤ ᠲᠣᠣᠷ ᠰᠦᠯᠵᠢᠶ᠎ᠡ ᠶᠢ ᠢᠯᠭᠠᠨ ᠲᠠᠨᠢᠵᠦ ᠬᠡᠷᠡᠭᠯᠡᠬᠦ᠂ ᠬᠡᠷᠡᠭᠴᠡᠭᠡ ᠲᠠᠢ | ᠮᠡᠳᠡᠯᠭᠡ ᠤᠯᠬᠤ ᠪᠠ ᠥᠪᠡᠷ ᠢ ᠪᠠᠨ ᠨᠠᠩ ᠰᠠᠶᠢᠨ ᠬᠠᠮᠠᠭᠠᠯᠠᠬᠤ ᠳᠤ ᠵᠢᠯᠤᠭᠤᠳᠤᠯᠭ᠎ᠠ ᠪᠤᠯᠪᠠ᠃ | | ᠮᠢᠩ ᠵᠦ ᠨᠡᠶᠢᠭᠡᠮ ᠲᠣᠭᠤᠷᠢᠭ᠂ ᠤᠦ ᠸᠧᠶ ᠣᠷᠣᠨ ᠰᠠᠭᠤᠴᠠ ᠶᠢᠨ ᠲᠣᠭᠤᠷᠢᠭ ᠵᠢᠴᠢ ᠵᠡᠭᠡᠯᠢ ᠳᠠᠭᠠᠤ ᠶᠢᠨ | ᠬᠤᠳᠠᠯᠳᠤᠭᠠᠨ ᠤ ᠳᠡᠯᠭᠡᠭᠦᠷ ᠲᠤ᠂ ᠺᠠᠳ᠋ᠷ ᠴᠠᠭᠳᠠᠭ᠎ᠠ ᠨᠠᠷ ᠥᠷᠭᠡᠨ ᠣᠯᠠᠨ ᠲᠦᠮᠡᠨ ᠳᠤ ︽ᠺᠠᠷᠲ ᠲᠠᠰᠤᠯᠬᠤ | ᠠᠵᠢᠯᠯᠠᠭ᠎ᠠ︾ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠵᠡᠷᠭᠡ ᠪᠠᠷ ᠣᠯᠠᠨ ᠤ ᠠᠩᠬᠠᠷᠤᠯ ᠲᠠᠯᠪᠢᠵᠤ | ᠪᠠᠶᠢᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠪᠣᠯᠤᠨ ︽ᠬᠤᠶᠠᠷ ᠺᠠᠷᠲ︾ ᠤᠨ ᠶᠠᠯᠠᠲᠤ ᠠᠵᠢᠯᠯᠠᠭ᠎ᠠ ᠶᠢᠨ | ᠢᠯᠡᠷᠡᠯ ᠤᠨ ᠬᠡᠯᠪᠡᠷᠢ ᠶᠢᠨ ᠲᠤᠬᠠᠶ ᠣᠯᠠᠨ ᠲᠦᠮᠡᠨ ᠳᠤ ᠨᠠᠷᠢᠨ ᠲᠠᠶᠢᠯᠪᠤᠷᠢᠯᠠᠯᠲᠠ ᠬᠢᠵᠦ᠂ ᠥᠷᠭᠡᠨ ᠤᠯᠠᠨ | ᠲᠦᠮᠡᠨ ᠤ ᠬᠦᠷᠢᠶᠡᠯᠡᠯ ᠢ ᠤᠯᠪᠠ᠃ | | | ᠨᠠᠶᠢᠷᠠᠭᠤᠯᠤᠭᠴᠢ᠄ ᠯᠢ ᠰᠧ ᠾᠦᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |