ᠥᠷᠭᠡᠨ ᠣᠯᠠᠨ ᠬᠤᠲᠠ ᠶᠢᠨ ᠠᠷᠠᠳ ᠪᠠ ᠡᠵᠡᠩᠨᠡᠭᠴᠢ ᠨᠠᠷ ᠢ ᠪᠤᠷᠤᠭᠤ ᠳᠠᠮᠵᠢᠭᠤᠯᠬᠤ᠂ ᠪᠤᠷᠤᠭᠤ ᠢᠲᠡᠭᠡᠬᠦ᠂ ᠮᠡᠬᠡᠯᠡᠭᠳᠡᠬᠦ ᠠᠴᠠ ᠰᠡᠷᠭᠡᠶᠢᠯᠡᠬᠦ ᠶᠢᠨ ᠲᠥᠯᠥᠭᠡ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠴᠢᠮ ᠰᠠᠨᠠᠭᠤᠯᠭ᠎ᠠ ᠨᠡᠶᠢᠳᠡᠯᠡᠪᠡ
ᠨᠡᠶᠢᠲᠡᠯᠡᠭᠰᠡᠨ ᠴᠠᠭ᠄
2020/12/15
   ᠨᠢᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠬᠤᠷ ᠮᠡᠳᠡᠭᠡ ᠵᠠᠯᠭᠠᠬᠤ ᠠᠷᠭ᠎ᠠ  ᠮᠠᠶ᠋ᠢᠭ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠢᠯ ᠤᠨ ᠮᠡᠳᠡᠭᠦᠯᠦᠯᠲᠡ ᠲᠡᠮᠳᠡᠭᠯᠡᠭᠡ ᠦᠭᠡᠢ ᠪᠠᠷ  ᠭᠡᠷᠡᠴᠢᠯᠡᠬᠦ ᠶᠢ ᠱᠠᠭᠠᠷᠳᠠᠬᠤ ᠦᠭᠡᠢ᠃ ᠵᠢᠯ ᠤᠨ ᠮᠡᠳᠡᠭᠦᠯᠦᠯᠲᠡ ᠶᠢᠨ ᠴᠣᠷ ᠤᠨ ᠭᠠᠭᠴᠠ ᠠᠯᠪᠠᠨ ᠰᠦᠯᠵᠢᠶ᠎ᠡ ᠪᠣᠯ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠣᠯᠤᠨ᠎ᠠ᠂ ᠰᠦᠯᠵᠢᠶᠡᠨ ᠤ ᠬᠠᠶ᠋ᠢᠭ᠄ http://www.gsxt.gov.cn ᠪᠤᠶᠤ ︽ᠹᠧᠩᠵᠧᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︾ ᠶᠢᠨ ᠣᠯᠠᠨ ᠨᠡᠶᠢᠳᠡ ᠶᠢᠨ ᠳ᠋ᠤᠭᠠᠷ ᠲᠤ ᠨᠡᠶᠢᠲᠡᠯᠡᠭᠰᠡᠨ ᠮᠡᠳᠡᠭᠦᠯᠦᠯᠲᠡ ᠶᠢᠨ ᠮᠡᠳᠡᠭᠡ ᠵᠠᠩᠭᠢ ᠶᠢ ᠠᠩᠬᠠᠷᠬᠤ ᠪᠣᠯᠤᠨ᠎ᠠ᠃    ᠬᠤᠶᠠᠷ᠂ ᠬᠡᠷᠪᠡ ᠲᠠᠨ ᠤ ᠡᠵᠡᠩᠨᠡᠯᠲᠡ ᠶᠢᠨ ᠦᠨᠡᠮᠯᠡᠯ ᠢ ᠣᠯᠤᠭᠰᠠᠨ ᠪᠠᠶᠢᠳᠠᠯ ᠬᠦᠴᠦᠨ ᠦᠭᠡᠢ ᠪᠣᠯ᠂ ᠹᠧᠩᠵᠧᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠲᠠᠰᠤ᠄ 0474 — 3259912 ᠳᠤ ᠤᠲᠠᠰᠤᠳᠠᠵᠤ ᠬᠢᠨᠠᠨ ᠬᠠᠷᠭᠤᠭᠤᠯᠤᠭᠠᠷᠠᠢ᠃    ᠭᠤᠷᠪᠠ᠂ ᠡᠯ᠎ᠡ ᠲᠥᠷᠥᠯ ᠤᠨ ᠣᠬᠤᠷ ᠮᠡᠳᠡᠭᠡᠨ ᠤ ᠴᠥᠷᠬᠡᠯᠡᠭᠡ ᠶᠢ ᠰᠡᠷᠡᠮᠵᠢᠯᠡᠵᠦ᠂ ᠢᠯᠠᠩᠭᠤᠶ᠎ᠠ ᠪᠠᠩᠬᠢ ᠶᠢᠨ ᠺᠠᠷᠲ᠂ ᠪᠡᠶ᠎ᠡ ᠶᠢᠨ ᠦᠨᠡᠮᠯᠡᠯ᠂ ᠭᠠᠷ ᠤᠲᠠᠰᠤᠨ ᠤ ᠨᠣᠮᠧᠷ᠂ ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠦᠨ ᠤ ᠮᠡᠳᠡᠭᠡ ᠵᠠᠩᠭᠢ ᠳᠤ ᠬᠤᠯᠪᠣᠭᠳᠠᠭᠰᠠᠨ ᠠᠭᠤᠯᠭ᠎ᠠ ᠪᠤᠶᠤ ᠰᠡᠷᠭᠡᠭ ᠮᠡᠳᠡᠭᠡ ᠵᠠᠩᠭᠢ ᠶᠢ ᠲᠠᠭᠯᠠᠬᠤ ᠶᠢ ᠱᠠᠭᠠᠷᠳᠠᠪᠠᠯ᠂ ᠴᠥᠮ ᠣᠶᠢᠰᠢᠶᠠᠬᠤ ᠥᠬᠡᠶ ᠪᠠᠶᠢᠬᠤ ᠬᠡᠷᠡᠭᠲᠡᠶ᠃    ᠳᠥᠷᠪᠡ᠂ ᠡᠶᠢᠮᠦᠷᠬᠦ ᠪᠠᠶᠢᠳᠠᠯ ᠢ ᠣᠯᠵᠤ ᠮᠡᠳᠡᠪᠡᠯ᠂ ᠪᠢᠲᠡᠭᠡᠶ ᠲᠤᠷ᠎ᠠ ᠪᠠᠷ ᠢᠶᠠᠨ ᠲᠤᠶ᠋ᠢᠵᠦ ᠬᠠᠷᠢᠭᠤ ᠦᠭᠭᠦᠬᠡᠷᠡᠢ ︕ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠴᠠᠭ ᠲᠤᠬᠠᠶ ᠳᠤᠨᠢ  ᠨᠤᠳᠠᠯᠠᠭᠠᠷᠠᠢ᠃    ᠥᠷᠭᠡᠨ ᠣᠯᠠᠨ ᠬᠤᠲᠠ ᠶᠢᠨ ᠠᠷᠠᠳ᠂ ᠡᠵᠡᠩᠨᠡᠭᠴᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂  ᠮᠡᠭᠡᠯᠡᠭᠴᠢᠳ‌ᠡᠴᠠ ᠰᠡᠷᠭᠡᠶᠢᠯᠡᠬᠦ ᠬᠡᠷᠡᠭᠲᠡᠶ︕    ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠭᠠᠯᠳᠤᠯᠭ᠎ᠠ  ᠢᠯᠡᠴᠢᠯᠡᠨ ᠮᠡᠳᠡᠭᠦᠯᠬᠦ ᠤᠲᠠᠰᠤ᠄    0474 - 3259912 0474 - 3200610    ᠬᠡᠷᠡᠭᠯᠡᠭᠴᠢᠳ ᠤᠨ ᠵᠠᠭᠠᠯᠳᠤᠬᠤ ᠢᠯᠡᠴᠢᠯᠡᠨ ᠮᠡᠳᠡᠭᠦᠯᠬᠦ ᠤᠲᠠᠰᠤ᠄ 12315 ᡽    ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠢᠯᠡᠴᠢᠯᠡᠨ ᠮᠡᠳᠡᠭᠦᠯᠬᠦ ᠤᠲᠠᠰᠤ᠄ 0474 — 3200559︔    ᠰᠦᠯᠵᠢᠶᠡᠨ ᠤ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ᠄ 0474 — 110︔                        ᠤᠷᠴᠢᠭᠤᠯᠤᠬᠴᠢ᠄  ᠬᠠᠨ ᠰᠢᠶᠤᠤ ᠿᠦᠩ                        ᠬᠢᠨᠠᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3