︽ᠹᠧᠩᠵᠧᠨ ᠬᠤᠲᠠ ᠶᠢᠨ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠭᠠᠵᠠᠷ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/18
ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄    ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠹᠧᠩᠵᠧᠨ ᠬᠤᠲᠠ ᠶᠢᠨ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠭᠠᠵᠠᠷ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠪᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃     ᠲᠤᠰᠬᠠᠶᠢᠯᠠᠨ ᠮᠡᠳᠡᠭᠳᠡᠪᠡ᠃                            2020 ᠣᠨ ᠤ 10 ᠰᠠᠷ᠎ᠠ ᠶᠢᠨ 26 ᠤ ᠡᠳᠦᠷ    ᠹᠧᠩᠵᠧᠨ ᠬᠤᠲᠠ ᠶᠢᠨ ᠲᠣᠭᠲᠠᠭᠠᠯ ᠠᠴᠠ ᠵᠥᠷᠢᠴᠡᠨ ᠣᠩᠭᠤᠨ ᠪᠠᠢᠭᠤᠯᠤᠭᠰᠠᠨ ᠭᠠᠵᠠᠷ ᠢ ᠤᠷᠲᠤ ᠬᠤᠭᠤᠴᠠᠭ᠎ᠠ ᠪᠠᠷ ᠪᠦᠳᠦᠮᠵᠢᠳᠡᠢ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ    ᠣᠷᠣᠰᠢᠭᠤᠯᠭ᠎ᠠ ᠶᠢᠨ ᠠᠵᠢᠯ ᠤᠨ ᠲᠤᠬᠠᠶ ᠳᠡᠭᠡᠳᠦ ᠱᠠᠲᠤᠨ ᠤ ᠴᠢᠬᠤᠯᠠ ᠰᠢᠢᠳᠪᠦᠷᠢᠳᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ ᠨᠡᠶᠢᠲᠡ ᠶᠢᠨ  ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠩᠭᠤᠨ ᠤ ᠭᠠᠵᠠᠷ ᠪᠠᠶᠢᠭᠤᠯᠬᠤ ᠶᠢ ᠲᠤᠰᠬᠠᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠮᠠᠨ ᠤ ᠬᠤᠲᠠ ᠶᠢᠨ ᠣᠩᠭᠤᠨ ᠤ ᠭᠠᠵᠠᠷ ᠢ ᠤᠷᠲᠤ ᠬᠤᠭᠤᠴᠠᠭ᠎ᠠ ᠪᠠᠷ ᠪᠦᠲᠦᠮᠵᠢᠲᠡᠢ ᠵᠠᠰᠠᠬᠤ ᠶᠢ ᠪᠠᠳᠤᠯᠠᠬᠤ ᠬᠡᠷᠡᠭᠳᠡᠢ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠤᠭᠳᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠣᠷᠣᠰᠢᠭᠤᠯᠭ᠎ᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ᠂ ᠣᠶᠢᠲᠤ ᠭᠠᠵᠠᠷ ᠪᠠ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠵᠡᠷᠭᠡ ᠬᠠᠤᠯᠢ ᠲᠣᠭᠲᠠᠭᠠᠯ ᠢ ᠵᠥᠷᠢᠴᠡᠨ ᠰᠤᠯᠠ ᠲᠠᠯᠪᠢᠵᠤ ᠳᠤᠷ᠎ᠠ ᠪᠠᠷ ᠪᠤᠯᠠᠰᠢᠯᠠᠭᠰᠠᠨ ᠦᠶ᠋ᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠠᠰᠠᠵᠤ᠂ 2018 ᠤᠨ ᠬᠢᠭᠡᠳ 2019 ᠣᠨ ᠳᠤ ᠥᠷᠨᠢᠭᠦᠯᠦᠭᠰᠡᠨ ᠬᠠᠤᠯᠢ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠲᠤᠰᠬᠠᠶ ᠵᠦᠢᠯ ᠤᠨ ᠪᠠᠶᠢᠳᠠᠯ ᠢ ᠪᠠᠶᠢᠴᠠᠭᠠᠨ ᠳᠠᠬᠢᠨ ᠬᠢᠨᠠᠵᠤ᠂ ᠡᠭᠦᠨ ᠠᠴᠠ ᠡᠮᠦᠨ᠎ᠡ ᠴᠡᠭᠴᠡᠯᠡᠨ ᠵᠠᠰᠠᠬᠤ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠦᠭᠡᠶ ᠪᠠᠷᠢᠯᠭ᠎ᠠ ᠶᠢ ᠵᠦᠷᠢᠴᠡᠨ ᠬᠠᠲᠠᠭᠤᠷᠠᠭᠤᠯᠤᠭᠰᠠᠨ ᠲᠣᠮᠣ ᠣᠩᠭᠤᠨ ᠪᠠ ᠠᠮᠢᠳᠤ ᠬᠥᠮᠦᠨ ᠤ ᠣᠩᠭᠤᠨ ᠢ ᠬᠠᠤᠯᠢ ᠶᠣᠰᠣᠭᠠᠷ ᠴᠡᠭᠴᠡᠯᠡᠨ ᠵᠠᠰᠠᠵᠤ ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠠᠰᠠᠭᠤᠳᠠᠯ ᠢ ᠬᠤᠷᠢᠭᠯᠠᠨ ᠵᠤᠭᠰᠤᠭᠠᠵᠤ᠂ ᠪᠤᠯᠠᠰᠢ ᠶᠢᠨ ᠭᠠᠵᠠᠷ ᠤᠨ ᠲᠣᠭᠲᠠᠭᠠᠯ ᠠᠴᠠ ᠵᠥᠷᠢᠴᠡᠨ ᠤᠩᠭᠤᠨ ᠪᠠᠶᠢᠭᠤᠯᠬᠤ ᠰᠠᠮᠠᠭᠤᠨ ᠪᠠᠶᠢᠳᠠᠯ ᠢ ᠡᠷᠡᠰ ᠬᠤᠷᠢᠭᠯᠠᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠪᠠ ᠣᠷᠣᠰᠢᠭᠤᠯᠭ᠎ᠠ ᠶᠢᠨ ᠦᠢᠯᠡᠰ ᠤᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠤᠶᠤᠨ ᠤ ᠪᠣᠯᠪᠠᠰᠤᠨ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠨᠡᠩ ᠰᠠᠶᠢᠨ ᠦᠢᠯᠡᠴᠢᠯᠡᠬᠦ ᠶᠢ ᠠᠬᠢᠭᠤᠯᠤᠨ᠎ᠠ᠃    ᠬᠤᠶᠠᠷ᠂ ᠦᠨᠳᠦᠰᠦᠨ ᠵᠠᠷᠴᠢᠮ    ︽ᠬᠤᠲᠠ ᠬᠥᠳᠡᠭᠡ ᠶᠢ ᠨᠢᠭᠡᠳᠦᠯᠲᠡᠶ ᠲᠦᠯᠦᠪᠯᠡᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠭᠠᠵᠠᠷ ᠰᠢᠷᠣᠶ ᠢ ᠠᠷᠪᠢᠯᠠᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ᠂ ᠦᠨᠳᠦᠰᠦᠨ ᠵᠦᠢᠯ ᠢ ᠪᠠᠳᠤᠯᠠᠨ ᠣᠯᠠᠨ ᠲᠦᠮᠡᠨ ᠳᠤ ᠦᠢᠯᠡᠴᠢᠯᠡᠬᠦ︾ ᠵᠠᠷᠴᠢᠮ ᠢ ᠪᠠᠷᠢᠮᠳᠠᠯᠠᠨ᠂ ᠡᠷᠴᠢᠮᠵᠢᠭᠦᠯᠬᠦ᠂ ᠴᠡᠴᠡᠷᠯᠢᠭᠵᠢᠭᠦᠯᠬᠦ᠂ ᠠᠮᠢ ᠠᠬᠤᠶᠢᠵᠢᠭᠤᠯᠬᠤ ᠱᠠᠭᠠᠷᠳᠠᠯᠭ᠎ᠠ ᠶᠣᠰᠣᠭᠠᠷ ᠲᠦᠯᠦᠪᠵᠢᠭᠦᠯᠦᠨ᠂ ᠪᠦᠲᠦᠭᠡᠨ ᠪᠠᠶᠢᠭᠤᠯᠵᠤ ᠬᠠᠮᠢᠶᠠᠷᠤᠨ᠎ᠠ᠃ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ     ᠲᠤᠬᠢᠷᠠᠭᠤᠯᠵᠤ᠂ ᠳᠥᠭᠦᠮᠴᠢᠯᠡᠬᠦ ᠪᠠ ︽ᠡᠭᠡᠭᠡ ᠠᠳᠠᠯᠢ ᠪᠠᠶᠢᠯᠭᠠᠬᠤ︾ ᠶᠢ ᠰᠡᠷᠭᠡᠶᠢᠯᠡᠨ ᠬᠤᠷᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠵᠡᠷᠭᠡ ᠪᠠᠷ ᠨᠥᠭᠴᠢᠭᠰᠡᠳ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠠᠵᠢᠯ ᠢ ᠥᠷᠭᠡᠨ ᠤᠯᠠᠨ ᠲᠦᠮᠡᠨ ᠤ ᠳᠡᠮᠵᠢᠯᠭᠡ ᠪᠠ ᠬᠦᠷᠢᠶᠡᠯᠡᠯ ᠢ ᠤᠯᠭᠤᠨ᠂ ᠤᠯᠠᠨ ᠲᠦᠮᠡᠨ ᠤ ᠤᠬᠠᠮᠰᠠᠷᠲᠤ ᠠᠵᠢᠯᠯᠠᠭ᠎ᠠ ᠪᠤᠯᠭᠠᠨ᠎ᠠ ᠃ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠨ ᠪᠠᠶᠢᠭᠤᠯᠤᠭᠰᠠᠨ ᠣᠩᠭᠤᠨ ᠤ ᠭᠠᠵᠠᠷ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠶᠢ ᠦᠨᠡᠨᠬᠦ ᠪᠠᠲᠤᠯᠠᠨ᠎ᠠ᠃    ᠭᠤᠷᠪᠠ᠂ ᠬᠠᠷᠠᠯᠲᠠ ᠶᠢᠨ ᠡᠭᠦᠷᠭᠡ    ᠵᠠᠰᠠᠮᠠᠯ ᠵᠠᠮ ᠪᠠ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢ ᠪᠦᠬᠦ ᠲᠠᠯ᠎ᠠ ᠪᠠᠷ ᠬᠠᠤᠯᠢ ᠪᠠᠷ ᠵᠠᠰᠠᠵᠤ᠂ ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠲᠤᠳᠤᠷᠠᠬᠢ ᠭᠠᠵᠠᠷ︔ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ᠂ ᠬᠤᠲᠠ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ ᠤᠷᠤᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ ᠪᠠ ᠤᠰᠤᠨ ᠤ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠵᠡᠷᠭᠡ ︽ᠭᠤᠷᠪᠠᠨ ᠳᠠᠭᠠᠤ ᠳᠣᠯᠣᠭᠠᠨ ᠣᠷᠣᠨ︾ ᠤ ᠬᠡᠪᠴᠢᠶᠡᠨ ᠳᠤᠲᠤᠷᠠᠬᠢ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠭᠠᠵᠠᠷ ᠤᠳ᠃    ᠳᠦᠷᠪᠡ᠂ ᠠᠵᠢᠯ ᠤᠨ ᠠᠭᠤᠯᠭ᠎ᠠ    ︵ᠨᠢᠭᠡ︶ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠵᠤ ᠡᠵᠡᠩᠨᠡᠬᠦ ᠲᠤᠰᠬᠠᠶ ᠵᠦᠢᠯ ᠤᠨ ᠣᠶᠢᠯᠭᠠᠨ ᠵᠢᠭᠰᠠᠭᠠᠬᠤ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠣᠷᠣᠰᠢᠭᠤᠯᠬᠤ ︵ᠲᠠᠯᠪᠢᠬᠤ︶ ᠲᠥᠬᠦᠭᠡᠷᠦᠮᠵᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠤᠳᠤᠷᠬᠠᠶᠢᠯᠠᠬᠤ ᠶᠢᠨ ᠲᠥᠯᠥᠭᠡ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠵᠣᠬᠢᠶᠠᠨ ᠪᠠᠶᠢᠭᠤᠯᠤᠨ ᠵᠣᠬᠢᠴᠠᠭᠤᠯᠵᠤ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠲᠤᠰ ᠭᠠᠵᠠᠷ ᠣᠷᠣᠨ ᠤ ᠪᠠᠨ ᠨᠡᠶᠢᠲᠡ ᠶᠢᠨ ᠣᠩᠭᠤᠨ᠂ ᠴᠢᠨᠳᠠᠷ ᠤᠨ ᠲᠠᠩᠬᠢᠮ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ ᠵᠡᠷᠭᠡ ᠡᠯ᠎ᠡ ᠲᠥᠷᠥᠯ ᠤᠨ ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠳᠤ ︽ᠬᠡᠪᠢᠰ ᠮᠠᠶ᠋ᠢᠭ ᠤᠨ︾᠂ ᠪᠦᠬᠦᠨ ᠢ ᠬᠠᠮᠤᠷᠴᠤ ᠪᠠᠶᠢᠴᠠᠭᠠᠨ ᠵᠢᠭᠰᠠᠭᠠᠵᠤ᠂ ᠨᠢᠭᠡᠳ ᠨᠢᠭᠡ ᠪᠠᠷ ᠳᠠᠩᠰᠠᠯᠠᠨ ᠲᠡᠮᠳᠡᠭᠯᠡᠬᠦ ᠶᠢᠨ ᠬᠠᠮᠲᠤ᠂ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠨᠠᠷᠢᠨ ᠵᠢᠭᠰᠠᠭᠠᠨ ᠵᠢᠭᠰᠠᠭᠠᠬᠤ ᠬᠡᠷᠡᠭᠲᠡᠶ᠃ ᠪᠠᠶᠢᠴᠠᠭᠠᠭᠰᠠᠨ ᠦᠷ᠎ᠡ ᠳ᠋ᠦᠩ ᠢ ᠭᠤᠤᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠨᠤᠲᠠᠯᠠᠭᠰᠠᠨ ᠤ ᠳᠠᠷᠠᠭ᠎ᠠ᠂ 10 ᠰᠠᠷ᠎ᠠ ᠶᠢᠨ 30 ᠤ ᠡᠳᠦᠷ ᠠᠴᠠ ᠡᠮᠦᠨ᠎ᠡ ︽ ᠶᠢᠨ ᠮᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠷᠠᠳ ᠤᠨ ᠶᠠᠪᠤᠳᠠᠯ ᠤᠨ ᠣᠷᠣᠰᠢᠭᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠢᠭᠤᠳ ᠮᠡᠳᠡᠭᠦᠯᠬᠦ ᠰᠢᠰᠲ᠋ᠧᠮ︾ ᠳᠤ ᠳᠡᠭᠡᠭᠰᠢ ᠮᠡᠳᠡᠭᠦᠯᠬᠦ ᠪᠥᠭᠡᠳ ᠪᠢᠴᠢᠭ ᠤᠨ ᠮᠠᠲ᠋ᠧᠷᠢᠶᠠᠯ ᠢᠶᠠᠨ ᠠᠷᠠᠳ ᠤᠨ ᠶᠠᠪᠤᠳᠠᠯ ᠤᠨ ᠲᠤᠪᠴᠢᠶᠠᠨ ᠳᠤ ᠮᠡᠳᠡᠭᠦᠯᠬᠦ ᠬᠡᠷᠡᠭᠲᠡᠶ ︵ᠳᠠᠭᠠᠯᠳᠤᠭᠤᠯᠤᠯ 2 ᠳᠤ ᠨᠠᠷᠢᠨ ᠦᠵᠡᠭᠡᠷᠡᠶ︶᠃    ᠬᠠᠷᠢᠭᠤᠴᠠᠯᠭᠠᠳᠤ ᠨᠢᠭᠡᠴᠡ᠄ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ᠃    ︵ᠬᠤᠶᠠᠷ︶ ᠬᠠᠤᠯᠢ ᠠᠴᠠ ᠵᠥᠷᠢᠴᠡᠨ ᠣᠩᠭᠤᠨ ᠪᠠᠶᠢᠭᠤᠯᠤᠭᠰᠠᠨ ᠭᠠᠵᠠᠷ ᠢ ᠵᠠᠰᠠᠬᠤ ᠶᠢ ᠲᠥᠷᠥᠯ ᠬᠤᠪᠢᠶᠠᠨ ᠲᠦᠯᠬᠢᠨ ᠠᠬᠢᠭᠤᠯᠬᠤ ᠬᠡᠷᠡᠭᠲᠡᠶ᠃ ᠨᠡᠶᠢᠲᠡ ᠶᠢᠨ ᠣᠩᠭᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠳᠤᠮᠳᠠᠬᠢ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠪᠠ ︽ᠣᠷᠣᠨ ᠰᠠᠭᠤᠴᠠ ᠮᠠᠶ᠋ᠢᠭ︾ ᠤᠨ ᠣᠩᠭᠤᠨ ᠤ ᠭᠠᠵᠠᠷ᠂ ᠲᠣᠮᠣ ᠣᠩᠭᠤᠨ ᠢ ᠬᠠᠲᠠᠷᠠᠭᠤᠯᠬᠤ᠂ ᠠᠮᠢᠳᠤ ᠬᠥᠮᠦᠨ ᠤ ᠣᠩᠭᠤᠨ ᠢ ᠬᠠᠲᠠᠭᠤᠷᠠᠭᠤᠯᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠵᠤ ᠴᠡᠭᠴᠡᠯᠡᠨ ᠵᠠᠰᠠᠨ᠎ᠠ ︵ᠬᠠᠷᠢᠭᠤᠴᠠᠯᠭ᠎ᠠ ᠶᠢᠨ ᠨᠠᠷᠢᠨ ᠬᠤᠪᠢᠶᠠᠷᠢᠯᠠᠯ ᠢ ᠳᠠᠭᠠᠯᠳᠤᠭᠤᠯᠤᠯ 3 ᠳᠤ ᠦᠵᠡᠭᠡᠷᠡᠢ︶᠃ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ︽ᠣᠷᠣᠨ ᠰᠠᠭᠤᠴᠠ ᠮᠠᠶ᠋ᠢᠭ︾ ᠤᠨ ᠣᠩᠭᠤᠨ ᠤ ᠭᠠᠵᠠᠷ ᠢ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠵᠤ ᠳᠠᠬᠢᠨ ᠬᠢᠨᠠᠵᠤ᠂ ᠲᠡᠷᠡᠴᠢᠯᠡᠨ ᠴᠡᠭᠴᠡᠯᠡᠨ ᠵᠠᠰᠠᠭᠰᠠᠨ ᠨᠢ ᠪᠣᠳᠠᠲᠠᠶᠢᠵᠢᠭᠠᠳᠤᠶ ᠶᠢ ᠨᠢ ᠬᠠᠤᠯᠢ ᠶᠣᠰᠣᠭᠠᠷ ᠴᠡᠭᠴᠡᠯᠡᠨ ᠵᠠᠰᠠᠭᠰᠠᠨ ᠢ ᠪᠣᠳᠠᠲᠠᠶᠢᠵᠢᠭᠤᠯᠬᠤ ᠪᠠᠷ ᠰᠢᠮᠳᠠᠭᠤᠯᠬᠤ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠭᠡ ᠣᠩᠭᠤᠨ ᠳᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ ᠬᠡᠮᠵᠢᠶ᠎ᠡ ᠶᠢ ᠲᠣᠭᠲᠠᠭᠠᠵᠤ᠂ ᠨᠢᠭᠡ ᠪᠦᠯᠦᠭ ᠢ ᠨᠣᠭᠤᠭᠠᠷᠠᠭᠤᠯᠬᠤ᠂ ᠨᠢᠭᠡ ᠪᠦᠯᠦᠭ ᠢ ᠰᠢᠯᠵᠢᠭᠦᠯᠬᠦ᠂ ᠨᠢᠭᠡ ᠪᠦᠯᠦᠭ ᠢ ᠲᠡᠭᠰᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠬᠤᠪᠢᠶᠠᠨ ᠵᠠᠰᠠᠬᠤ ᠬᠡᠷᠡᠭᠲᠡᠶ᠃ 202 ᠤᠨ ᠤ ᠡᠴᠦᠰ᠂ 2022 ᠤᠨ ᠤ ᠡᠴᠦᠰ ᠪᠣᠯᠬᠤ ᠳᠤ ᠲᠣᠰ ᠲᠣᠰ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠲᠤᠳᠤᠷᠠᠬᠢ G55 ᠥᠨᠳᠥᠷ ᠬᠤᠷᠳᠤᠴᠠᠲᠤ ᠵᠠᠰᠠᠮᠠᠯ ᠵᠠᠮ᠂ 208 ᠤᠯᠤᠰ ᠤᠨ ᠵᠠᠮ ᠤᠨ ᠬᠤᠶᠠᠷ ᠬᠠᠵᠠᠭᠤ ᠶᠢᠨ ᠦᠵᠡᠭᠳᠡᠵᠦ ᠪᠣᠯᠬᠤ ᠬᠦᠷᠢᠶ᠎ᠡ ᠬᠡᠪᠴᠢᠶᠡᠨ ᠳᠠᠬᠢ ᠣᠩᠭᠤᠨ ᠢ ᠢᠯᠭᠠᠷᠠᠭᠤᠯᠬᠤ ᠠᠵᠢᠯ ᠢ ᠳᠠᠭᠤᠰᠬᠠᠨ᠎ᠠ᠃ 2023 ᠣᠨ ᠤ ᠡᠴᠦᠰ ᠢᠶᠠᠷ ᠮᠠᠨ ᠤ ᠬᠤᠲᠠ ᠶᠢᠨ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠲᠣᠭᠤᠷᠢᠭ᠂ ᠠᠯᠳᠠᠷᠲᠤ ᠦᠵᠡᠮᠵᠢ ᠶᠢᠨ ᠣᠷᠣᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠤᠭᠤᠬᠤ ᠤᠰᠤᠨ ᠤ ᠢᠷᠡᠯᠲᠡ ᠶᠢᠨ ᠬᠠᠮᠠᠭᠠᠯᠠᠯᠲᠠ ᠶᠢᠨ ᠣᠷᠣᠨ᠂ ᠦᠨᠳᠦᠰᠦᠨ ᠲᠠᠷᠢᠶᠠᠨ ᠭᠠᠵᠠᠷ᠂ ᠨᠤᠲᠤᠭ ᠪᠡᠯᠴᠢᠭᠡᠷ ᠤᠨ ᠣᠩᠭᠤᠨ ᠢ ᠴᠡᠪᠡᠷᠯᠡᠬᠦ ᠠᠵᠢᠯ ᠢ ᠳᠠᠭᠤᠰᠬᠠᠪᠠ᠃    ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠪᠣᠯᠤᠨ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃    ︵ᠭᠤᠷᠪᠠ︶ ᠣᠷᠣᠰᠢᠭᠤᠯᠭ᠎ᠠ ᠶᠢᠨ ᠣᠷᠳᠣᠨ᠂ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠶ᠃ ᠨᠡᠶᠢᠲᠡ ᠶᠢᠨ ᠠᠰᠠᠷᠠᠮᠵᠢ ᠪᠠᠷ ᠠᠷᠠᠳ ᠲᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠤᠬᠢᠴᠠᠭᠤᠯᠤᠨ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠨᠡ ᠵᠢᠯ ᠳᠤ ᠭᠤᠤᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 2021 ᠣᠨ ᠤ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ ᠡᠭᠦᠨ ᠤ ᠬᠠᠮᠲᠤ᠂ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠵᠤ᠂ ᠡᠨᠡ ᠵᠢᠯ ᠳᠤ ᠨᠡᠶᠢᠲᠡ ᠶᠢᠨ ᠣᠩᠭᠤᠨ ᠤ ᠡᠷᠭᠢᠨ ᠲᠣᠭᠤᠷᠢᠨ ᠤ ᠨᠣᠭᠤᠭᠠᠷᠠᠭᠤᠯᠤᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠪᠣᠯᠪᠠᠰᠤᠨ ᠢ ᠲᠥᠪᠯᠡᠷᠡᠭᠦᠯᠦᠨ ᠣᠷᠣᠰᠢᠭᠤᠯᠭ᠎ᠠ ᠶᠢ ᠵᠠᠰᠠᠬᠤ ᠳᠤ ᠳᠥᠭᠦᠮ ᠦᠵᠡᠭᠦᠯᠵᠦ᠂ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃    ᠬᠠᠷᠢᠭᠤᠴᠠᠯᠭᠠᠲᠤ ᠨᠢᠭᠡᠴᠡ᠄ ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠾᠸᠢ ᠲᠤ ᠲᠠᠢ ᠪᠠᠯᠭᠠᠰᠤ᠃    ︵ᠳᠥᠷᠪᠡᠨ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ᠶᠢᠨ ᠪᠡᠯᠡᠳᠬᠡᠮᠵᠢ ᠶᠢ ᠲᠦᠷᠭᠡᠳᠬᠡᠨ ᠪᠠᠶᠢᠭᠤᠯᠤᠨ᠎ᠠ᠃ ᠬᠤᠲᠠ ᠬᠥᠳᠡᠭᠡ ᠶᠢ ᠪᠦᠷᠬᠦᠬᠦ᠂ ᠬᠡᠪᠴᠢᠶ᠎ᠡ ᠨᠢ ᠲᠣᠬᠢᠷᠠᠮᠵᠢᠲᠠᠶ᠂ ᠨᠡᠶᠢᠲᠡ ᠶᠢᠨ ᠠᠰᠠᠷᠠᠮᠵᠢ ᠶᠢᠨ ᠲᠠᠯ᠎ᠠ ᠪᠠᠷ ᠠᠷᠠᠳ ᠲᠤ ᠠᠰᠢᠭ ᠬᠦᠷᠲᠡᠭᠡᠬᠦ ᠵᠠᠷᠴᠢᠮ ᠶᠣᠰᠣᠭᠠᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ ᠶᠢᠨ ᠲᠦᠭᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠵᠢᠯ ᠤᠨ ᠳᠣᠲᠣᠷ᠎ᠠ ᠰᠢᠶᠠᠩ ᠪᠠᠯᠭᠠᠰᠤ ︵ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ︶ ᠨᠢᠭᠡᠪᠦᠷᠢ ᠳᠤ ᠠᠳᠠᠭ ᠲᠠᠭᠠᠨ 150 ᠮᠦ ᠠᠴᠠ ᠳᠤᠲᠠᠭᠤ ᠦᠭᠡᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ ᠶᠢᠨ ᠪᠡᠯᠡᠳᠬᠡᠮᠵᠢ ᠶᠢ 1 ᠪᠠᠶᠢᠭᠤᠯᠬᠤ ᠬᠡᠷᠡᠭᠲᠡᠶ᠃ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠶᠢᠨ ᠲᠠᠯᠠᠪᠠᠶ ᠨᠢ 30 ᠮᠦ ᠠᠴᠠ ᠳᠤᠲᠠᠭᠤ ᠦᠭᠡᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠷᠣᠶ ᠠᠷᠪᠢᠯᠠᠬᠤ ᠠᠮᠢ ᠠᠬᠤᠶ ᠶᠢᠨ ᠣᠷᠣᠰᠢᠭᠤᠯᠬᠤ ᠪᠡᠯᠡᠳᠬᠡᠮᠵᠢ ᠶᠢ ᠠᠳᠠᠭ ᠲᠠᠭᠠᠨ 1 ᠪᠠᠶᠢᠭᠤᠯᠬᠤ ᠬᠡᠷᠡᠭᠲᠡᠶ ︵ᠬᠥᠷᠰᠢ ᠵᠡᠷᠭᠡᠯᠡᠳᠡᠭᠡ ᠲᠣᠰᠬᠤᠨ ᠨᠤᠭᠤᠳ ᠬᠠᠮᠲᠤᠷᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠣᠯᠤᠨ᠎ᠠ︶᠃ ᠵᠢᠯ ᠤᠨ ᠳᠣᠲᠣᠷ᠎ᠠ ᠮᠠᠨ ᠤ ᠬᠤᠲᠠ ᠵᠢᠴᠢ ᠡᠯ᠎ᠡ ᠰᠢᠶᠠᠩ ᠪᠠᠯᠭᠠᠰᠤ᠂ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠪᠤᠯᠠᠬᠤ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠶᠢ ᠪᠡᠶᠡᠯᠡᠭᠦᠯᠦᠨ᠎ᠡ᠃    ᠬᠠᠷᠢᠭᠤᠴᠠᠯᠭᠠᠲᠤ ᠨᠢᠭᠡᠴᠡ᠄ ᠡᠯ᠎ᠡ ᠰᠢᠶᠠᠩ ᠪᠠᠯᠭᠠᠰᠤ ᠪᠠ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ᠂ ᠠᠷᠠᠳ ᠤᠨ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃  ᠲᠠᠪᠤ᠂ ᠠᠵᠢᠯ ᠤᠨ ᠱᠠᠭᠠᠷᠳᠠᠯᠭ᠎ᠠ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ  ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠤᠯᠠᠰᠢᠨ ᠭᠠᠵᠠᠷ ᠪᠠᠶᠢᠭᠤᠯᠬᠤ ᠶᠢ ᠵᠥᠷᠢᠴᠡᠨ ᠤᠷᠲᠤ ᠬᠤᠭᠤᠴᠠᠭ᠎ᠠ ᠪᠠᠷ ᠪᠦᠲᠦᠮᠵᠢᠲᠡᠶ ᠪᠠᠷ ᠵᠠᠰᠠᠬᠤ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠹᠧᠩᠵᠧᠨ ᠬᠤᠲᠠ ᠶᠢᠨ ᠪᠤᠯᠠᠰᠢᠨ ᠭᠠᠵᠠᠷ ᠪᠠᠶᠢᠭᠤᠯᠬᠤ ᠶᠢ ᠵᠥᠷᠢᠴᠡᠨ ᠤᠷᠲᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ︵ᠨᠡᠷᠡᠰ ᠢ ᠠᠷᠤ ᠳᠤ ᠳᠠᠭᠠᠯᠳᠤᠭᠤᠯᠤᠨ᠎ᠠ︶ ᠢ ᠪᠠᠶᠢᠭᠤᠯᠤᠨ᠎ᠠ᠃ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠡ ᠡᠷᠬᠡᠪᠰᠢ ᠳᠡᠭᠡᠳᠦ ᠱᠠᠲᠤᠨ ᠤ ᠤᠳᠤᠷᠢᠳᠤᠯᠭ᠎ᠠ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠤᠩᠬᠤᠨ ᠤ ᠭᠠᠵᠠᠷ ᠪᠠᠶᠢᠭᠤᠯᠬᠤ ᠶᠢ ᠤᠷᠲᠤ ᠬᠤᠭᠤᠴᠠᠭ᠎ᠠ ᠪᠦᠲᠦᠮᠵᠢᠲᠡᠶ ᠵᠠᠰᠠᠬᠤ ᠠᠵᠢᠯ ᠢ ︽ᠳᠥᠷᠪᠡᠨ ᠤᠬᠠᠮᠰᠠᠷ︾ ᠢ ᠪᠠᠳᠤ ᠪᠣᠶ ᠪᠣᠯᠭᠠᠬᠤ ᠪᠠ ︽ᠬᠤᠶᠠᠷ ᠢ ᠬᠠᠮᠠᠭᠠᠯᠠᠬᠤ︾ ᠶᠢ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ᠂ ᠣᠷᠣᠰᠢᠭᠤᠯᠭ᠎ᠠ ᠶᠢᠨ ᠬᠦᠷᠢᠶᠡᠨ ᠤ ᠳᠤᠪᠤᠶᠢᠮ᠎ᠠ ᠠᠰᠠᠭᠤᠳᠠᠯ ᠢ ᠵᠠᠰᠠᠬᠤ᠂ ᠣᠷᠣᠰᠢᠭᠤᠯᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠨ᠎ᠠ᠃    ︵ᠬᠤᠶᠠᠷ︶ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠳᠠᠯᠠᠬᠤ ᠬᠡᠷᠡᠭᠲᠡᠶ᠃ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠠᠷᠠᠳ ᠤᠨ ᠶᠠᠪᠤᠳᠠᠯ ᠤᠨ ᠲᠣᠪᠴᠢᠶ᠎ᠠ ᠲᠦᠷᠦᠭᠦᠯᠡᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢᠳᠡᠪᠬᠢᠳᠡᠢ ᠬᠠᠮᠵᠢᠯᠴᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠵᠠᠰᠠᠬᠤ ᠠᠷᠭ᠎ᠠ ᠬᠡᠮᠵᠢᠶ᠎ᠡ ᠶᠢ ᠰᠤᠳᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠢ ᠡᠮᠬᠢᠯᠡᠨ ᠨᠡᠶᠢᠯᠡᠭᠦᠯᠵᠦ ᠂ ᠢᠯᠠᠩᠭᠤᠶ᠎ᠠ ᠬᠤᠲᠠ ᠬᠥᠳᠡᠭᠡ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠢᠴᠢ ᠲᠣᠰᠬᠤᠨ ᠳᠤᠭᠤᠶᠢᠯᠠᠩ ᠤᠨ ᠺᠠᠳ᠋ᠷ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠢ ᠳᠠᠶᠢᠴᠢᠯᠠᠬᠤ ᠬᠡᠷᠡᠭᠲᠡᠶ᠃ ᠢᠯᠡᠴᠢᠯᠡᠨ ᠮᠡᠳᠡᠭᠦᠯᠬᠦ ᠳ᠋ᠢᠶᠠᠩᠬᠤᠸᠠ ᠲᠣᠬᠢᠷᠠᠭᠤᠯᠵᠤ᠂ ᠠᠷᠭ᠎ᠠ ᠬᠡᠮᠵᠢᠶ᠎ᠡ ᠠᠷᠭ᠎ᠠ ᠪᠠᠷᠢᠯ ᠢᠶᠠᠨ ᠪᠠᠶᠠᠯᠢᠭᠵᠢᠭᠤᠯᠤᠨ᠂ ᠦᠨᠡᠨ ᠪᠣᠳᠠᠲᠠᠶ ᠪᠠᠶᠢᠳᠠᠯ ᠢ ᠡᠵᠡᠮᠰᠢᠵᠦ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠠᠤᠯᠢ ᠠᠴᠠ ᠵᠦᠷᠢᠴᠡᠨ ᠪᠠᠶᠢᠭᠤᠯᠤᠭᠰᠠᠨ ᠡᠯ᠎ᠡ ᠲᠥᠷᠥᠯ ᠤᠨ ᠣᠩᠭᠤᠨ ᠤ ᠭᠠᠵᠠᠷ ᠢ ᠤᠷᠲᠤ ᠬᠤᠭᠤᠴᠠᠭ᠎ᠠ ᠪᠠᠷ ᠪᠦᠲᠦᠮᠵᠢᠲᠡᠶ ᠵᠠᠰᠠᠬᠤ ᠠᠵᠢᠯ ᠤᠨ ᠪᠦᠬᠦᠯᠢ ᠴᠣᠭᠴᠠ ᠪᠠᠷ ᠨᠢᠭᠡᠳᠦᠯᠲᠡᠶ ᠲᠥᠯᠥᠪᠯᠡᠬᠦ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃    ︵ᠭᠤᠷᠪᠠ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠷᠠᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠡᠯ᠎ᠡ ᠲᠥᠷᠥᠯ ᠤᠨ ᠪᠤᠯᠠᠰᠢᠨ ᠭᠠᠵᠠᠷ ᠢ ᠵᠠᠰᠠᠬᠤ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠠᠵᠢᠯ ᠢ ᠠᠬᠢᠭᠤᠯᠤᠭᠰᠠᠨ ᠨᠢ ᠬᠦᠴᠦᠨ ᠦᠭᠡᠢ᠂ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ ᠵᠢᠴᠢ ᠠᠯᠪᠠ ᠬᠠᠰᠢᠵᠤ ᠠᠮᠠ ᠪᠥᠭᠯᠡᠭᠰᠡᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠭᠠᠵᠠᠷ ᠣᠷᠣᠨ ᠪᠠ ᠰᠠᠯᠠᠭ᠎ᠠ ᠮᠥᠴᠢᠷ ᠲᠤ᠂ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠦᠷᠦᠭᠦᠯᠡᠨ ᠵᠠᠰᠠᠯᠲᠠ ᠶᠢᠨ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠩ ᠤᠨ ᠦᠶ᠎ᠡ ᠳᠤ ᠪᠠᠶᠢᠴᠠᠭᠠᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ᠂ ᠤᠳᠠᠰᠤ ᠪᠠᠷ ᠳᠠᠭᠠᠵᠤ ᠰᠤᠷᠪᠤᠯᠵᠢᠯᠠᠬᠤ᠂ ᠰᠦᠪᠡᠭᠴᠢ ᠶᠢ ᠮᠥᠷᠳᠡᠨ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠤᠷᠲᠤ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠠᠵᠢᠯ ᠤᠨ ᠠᠬᠢᠯᠲᠠ ᠶᠢᠨ ᠪᠠᠶᠢᠳᠠᠯ ᠪᠠ ᠪᠤᠳᠠᠳᠠᠢ ᠦᠷ᠎ᠡ ᠪᠦᠲᠦᠮᠵᠢ ᠶᠢ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃    ︵ᠳᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠶᠠᠷᠢᠶ᠎ᠠ ᠬᠡᠯᠡᠯᠴᠡᠭᠡᠨ ᠢᠶᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠢᠭᠯᠡᠭᠦᠯᠬᠦ ᠴᠢᠨᠠᠷᠲᠠᠶ ᠪᠠᠷ ᠬᠠᠷᠢᠭᠤᠯᠲᠠ ᠥᠭᠬᠦ ᠬᠡᠷᠡᠭᠲᠡᠶ᠃ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠭᠦᠢᠴᠡᠳ ᠰᠠᠶᠢᠲᠤᠷ ᠬᠢᠵᠦ᠂ ᠠᠳᠡᠭᠦᠤ ᠣᠶᠢᠯᠠᠭᠠᠯᠲᠠ ᠶᠢᠨ ᠪᠤᠷᠤᠭᠤ ᠣᠶᠢᠯᠠᠭᠠᠯᠲᠠ ᠪᠠ ᠰᠡᠵᠢᠭᠯᠡᠯ ᠦᠭᠡᠶ ᠪᠠᠶᠢᠬᠤ ᠶᠢ ᠠᠷᠢᠯᠭᠠᠵᠤ᠂ ᠣᠯᠠᠨ ᠲᠦᠮᠡᠨ ᠤ ᠣᠶᠢᠯᠠᠭᠠᠯᠲᠠ ᠪᠠ ᠳᠡᠮᠵᠢᠯᠭᠡ ᠶᠢ ᠣᠯᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠦᠨᠡᠨ ᠪᠣᠳᠠᠲᠠᠶ ᠪᠢᠰᠢ ᠪᠤᠶᠤ ᠮᠠᠭᠤ ᠰᠠᠨᠠᠭ᠎ᠠ ᠲᠠᠢ ᠪᠠᠷ ᠮᠡᠳᠡᠭᠡ ᠵᠠᠩᠭᠢ ᠰᠠᠷᠢᠭᠠᠯᠠᠭᠰᠠᠨ ᠢ ᠴᠠᠭ ᠲᠤᠬᠠᠶ ᠳᠤᠨᠢ ᠲᠣᠳᠣᠷᠬᠠᠶᠢᠯᠠᠬᠤ ᠬᠡᠷᠡᠭᠲᠡᠶ᠃ ᠵᠠᠰᠠᠬᠤ ᠠᠵᠢᠯ ᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠵᠠᠰᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠵᠠᠰᠠᠯᠲᠠ ᠶᠢᠨ ᠲᠦᠪᠰᠢᠨ ᠢ ᠣᠷᠭᠠᠨᠢᠭ ᠢᠶᠠᠷ ᠤᠶᠠᠯᠳᠤᠭᠤᠯᠵᠤ᠂ ᠨᠡᠶᠢᠭᠡᠮ ᠤᠨ ᠪᠣᠯᠪᠠᠰᠤᠨ ᠤ ᠰᠢᠨ᠎ᠡ ᠰᠤᠷᠲᠠᠯ ᠢ ᠪᠣᠶ ᠪᠣᠯᠭᠠᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃  ᠳᠠᠭᠠᠯᠳᠤᠭᠤᠯᠤᠯ᠄ 1. ᠹᠧᠩᠵᠧᠨ ᠬᠤᠲᠠ ᠶᠢᠨ ᠬᠠᠤᠯᠢ ᠠᠴᠠ ᠵᠥᠷᠢᠴᠡᠨ ᠣᠩᠭᠤᠨ ᠪᠠᠢᠭᠤᠯᠤᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ    2. ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠵᠤ ᠡᠵᠡᠩᠨᠡᠬᠦ ᠲᠤᠰᠬᠠᠶ ᠵᠦᠢᠯ ᠤᠨ ᠪᠠᠶᠢᠳᠠᠯ ᠢ ᠤᠶᠢᠯᠠᠭᠠᠨ ᠵᠢᠭᠰᠠᠭᠠᠭᠰᠠᠨ ᠪᠠᠶᠢᠳᠠᠯ ᠤᠨ ᠲᠤᠬᠠᠶ ᠥᠭᠦᠯᠡᠯᠲᠡ    3. ᠬᠠᠤᠯᠢ ᠶᠣᠰᠣᠭᠠᠷ ᠪᠠᠶᠢᠴᠠᠭᠠᠵᠤ ᠳᠠᠬᠢᠨ ᠬᠢᠨᠠᠵᠤ ᠣᠯᠠᠨ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ᠃    ᠬᠠᠷᠢᠭᠤᠴᠠᠯᠭ᠎ᠠ ᠶᠢᠨ ᠬᠤᠪᠢᠶᠠᠷᠢᠯᠠᠯ    ᠳᠠᠭᠠᠯᠳᠤᠭᠤᠯᠤᠯ 1    ᠹᠧᠩᠵᠧᠨ ᠬᠤᠲᠠ ᠶᠢᠨ ᠬᠠᠤᠯᠢ ᠠᠴᠠ ᠵᠥᠷᠢᠴᠡᠨ ᠣᠩᠭᠤᠨ ᠪᠠᠢᠭᠤᠯᠤᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ    ᠳᠤᠭᠤᠶᠢᠯᠠᠩ ᠤᠨ ᠳᠠᠷᠤᠭ᠎ᠠ᠄ ᠯᠢ ᠱᠤ᠋ ᠸᠧᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠯᠢ ᠵᠧᠨ ᠯᠢᠨ  ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ    ᠸᠠᠩ ᠢᠦᠶ ᠪᠥᠸᠧ  ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ    ᠭᠡᠰᠢᠭᠦᠨ᠄ ᠨᠢᠶᠧ ᠬᠠᠢ ᠵᠢᠶᠦ᠋ᠨ  ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠸᠠᠩ ᠵᠢᠶᠠᠨ ᠰᠢ  ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ    ᠲᠠᠨ ᠵᠢᠶᠦ᠋ᠨ ᠹᠧᠩ  ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ    ᠹᠧᠩ ᠵᠢᠶᠠᠨ ᠹᠧᠩ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ    ᠵᠤᠤ ᠶᠢᠨ ᠹᠦ᠋  ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ    ᠢᠦᠶ ᡁᠢ ᠵᠥᠩ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ    ᠸᠠᠩ ᠢᠦᠶ ᠴᠧᠩ  ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ    ᠵᠠᠩ ᠶᠦᠨ ᠹᠧᠩ  ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ    ᠵᠤᠤ ᠫᠸᠢ ᠵᠢᠶᠦ᠋ᠨ  ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ    ᠱᠠᠩ ᠵᠢᠩ ᠭᠤᠸᠠᠩ  ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ    ᠯᠢ ᠱᠦᠨ ᠢ  ᠵᠢᠤᠢ ᠪᠦᠦ ᠵᠤᠸᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ    ᠵᠢᠶᠠ ᠵᠦᠩ ᠹᠧᠶ  ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ    ᠵᠢᠶᠠ ᠰᠢᠤᠸᠠᠢ ᠹᠧᠩ  ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ    ᠰᠢᠤᠢ ᠳ᠋ᠦᠩ ᠫᠢᠩ  ᠯᠦᠩ ᠱᠧᠩ ᠵᠤᠸᠠᠩ ᠪᠠᠯᠭᠠᠰᠤᠨ ᠤ ᠳᠠᠷᠤᠭ᠎ᠠ    ᠶᠤᠸᠠᠨ ᠵᠢᠶᠦ᠋ᠨ ᠭᠠᠩ  ᠰᠠᠨ ᠢ ᠴᠢᠤᠸᠠᠨ ᠪᠠᠯᠭᠠᠰᠤᠨ ᠤ ᠳᠠᠷᠤᠭ᠎ᠠ    ᠶᠠᠨ ᠰᠢᠶᠣᠤ ᠯᠢ  ᠾᠧᠢ ᠲᠤ ᠲᠠᠢ ᠪᠠᠯᠭᠠᠰᠤᠨ ᠤ ᠳᠠᠷᠤᠭ᠎ᠠ    ᠶᠠᠩ ᠵᠧᠨ ᠬᠤᠸᠠ  ᠬᠤᠩ ᠱᠠ ᠪᠠ ᠪᠠᠯᠭᠠᠰᠤᠨ ᠤ ᠳᠠᠷᠤᠭ᠎ᠠ    ᠭᠦᠸᠧ ᡁᠢ ᠢᠦᠶ  ᠬᠤᠨ ᠶᠤᠸᠠᠨ ᠶᠣᠣ ᠰᠢᠶᠠᠩ ᠤᠨ ᠳᠠᠷᠤᠭ᠎ᠠ    ᠴᠢᠶᠣᠤ ᠰᠢᠶᠣᠤ ᠯᠢ  ᠭᠤᠸᠠᠨ ᠲᠦᠨ ᠪᠦ᠋ ᠰᠢᠶᠠᠩ ᠤᠨ ᠳᠠᠷᠤᠭ᠎ᠠ    ᠯᠢ ᠰᠢᠨ ᠮᠢᠨ  ᠶᠤᠸᠠᠨ ᠱᠠᠨ ᠽᠢ ᠰᠢᠶᠠᠩ ᠤᠨ ᠳᠠᠷᠤᠭ᠎ᠠ    ᠸᠠᠩ ᠭᠤᠸᠠᠨ ᠢᠦᠶ  ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠪᠠᠶ ᠬᠤᠩ  ᠬᠤᠲᠠ ᠶᠢᠨ ᠬᠤᠶᠢᠳᠤ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠵᠧᠩ ᠵᠢᠶᠠᠩ  ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠯᠢᠦ ᠢᠦᠶ  ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ ᠤᠨ ᠳᠠᠷᠤᠭ᠎ᠠ    ᠯᠢᠦ ᠰᠧᠨ  ᠠᠷᠠᠳ ᠤᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ ᠬᠡᠷᠡᠭ ᠡᠷᠬᠢᠯᠡᠬᠦ ᠲᠠᠰᠤᠭ ᠤᠨ ᠳᠡᠳ᠋ ᠳᠠᠷᠤᠭ᠎ᠠ    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠵᠧᠨ ᠯᠢᠨ ᠨᠥᠬᠦᠷ ᠬᠠᠪᠰᠤᠷᠭᠠᠨ ᠡᠭᠦᠷᠭᠡᠯᠡᠨ᠎ᠡ᠃ ᠬᠤᠶᠢᠰᠢᠳᠠ ᠬᠤᠲᠠ ᠶᠢᠨ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠪᠦᠷᠢᠯᠳᠦᠬᠦᠨ ᠬᠡᠷᠪᠡ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠥᠪᠡᠷ ᠲᠡᠭᠡᠨ ᠲᠣᠬᠢᠷᠠᠭᠤᠯᠤᠯᠲᠠ ᠬᠢᠵᠦ᠂ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃ ᠳᠠᠭᠠᠯᠳᠤᠭᠤᠯᠤᠯ 2    ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠵᠤ  ᠡᠵᠡᠩᠨᠡᠬᠦ ᠲᠤᠰᠬᠠᠶ ᠵᠦᠢᠯ ᠤᠨ ᠣᠶᠢᠯᠭᠠᠨ ᠵᠢᠭᠰᠠᠭᠠᠬᠤ ᠪᠠᠶᠢᠳᠠᠯ ᠤᠨ ᠲᠣᠳᠣᠷᠬᠠᠶᠢᠯᠠᠯᠲᠠ    ᠲᠤᠰ ᠤᠳᠠᠭᠠᠨ ᠤ ᠪᠠᠶᠢᠳᠠᠯ ᠪᠣᠯ ᠣᠳᠣ ᠨᠢᠭᠡᠨᠲᠡ ᠣᠷᠣᠰᠢᠵᠤ ᠪᠠᠶᠢᠭ᠎ᠠ ᠨᠡᠶᠢᠲᠡ ᠶᠢᠨ ᠣᠩᠭᠤᠨ᠂ ᠴᠢᠨᠳᠠᠷ ᠤᠨ ᠲᠠᠩᠬᠢᠮ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠯᠠᠰᠢᠨ ᠭᠠᠵᠠᠷ ᠵᠡᠷᠭᠡ ᠡᠯ᠎ᠡ ᠲᠥᠷᠥᠯ ᠤᠨ ᠣᠷᠣᠰᠢᠭᠤᠯᠭ᠎ᠠ ᠶᠢᠨ ᠲᠥᠬᠦᠭᠡᠷᠦᠮᠵᠢ ᠪᠣᠯᠤᠨ᠎ᠠ᠃ ᠭᠡᠪᠡᠴᠦ ᠬᠤᠲᠣᠩ ᠠᠷᠠᠳ ᠤᠨ ᠨᠡᠶᠢᠲᠡ ᠶᠢᠨ ᠣᠩᠭᠤᠨ᠂ ᠰᠦᠮ᠎ᠡ ᠬᠡᠶᠢᠳ ᠲᠤ ᠴᠢᠨᠳᠠᠷ ᠬᠠᠳᠠᠭᠠᠯᠠᠬᠤ ᠲᠥᠬᠦᠭᠡᠷᠦᠮᠵᠢ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠪᠠᠭᠲᠠᠬᠤ ᠥᠬᠡᠶ᠃ ᠳᠣᠤᠷᠠᠬᠢ ᠪᠠᠶᠢᠳᠠᠯ ᠢ ᠭᠤᠤᠯᠳᠠᠯᠭ᠎ᠠ ᠲᠠᠢ ᠤᠶᠢᠯᠠᠭᠠᠨ ᠲᠣᠳᠣᠷᠬᠠᠶᠢᠯᠠᠨ᠎ᠠ᠄    ︵ᠨᠢᠭᠡ︶ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠭᠰᠡᠨ᠂ ᠬᠢᠨᠠᠨ ᠵᠥᠪᠰᠢᠶᠡᠷᠡᠭᠰᠡᠨ᠂ ᠰᠢᠯᠭᠠᠨ ᠠᠪᠤᠭᠰᠠᠨ ᠂ ᠪᠠᠶᠢᠭᠤᠯᠤᠭᠰᠠᠨ ᠪᠠ ᠬᠤᠳᠠᠯᠳᠤᠭᠰᠠᠨ ᠲᠠᠯᠠᠪᠠᠢ ᠨᠢ ᠬᠡᠲᠦᠷᠡᠭᠰᠡᠨ ᠣᠩᠭᠤᠨ ᠤ ᠪᠠᠶᠢᠷᠢᠯᠠᠯ ᠤᠨ  ᠪᠠᠶᠢᠳᠠᠯ ᠣᠷᠣᠰᠢᠵᠤ ᠪᠠᠶᠢᠬᠤ ᠡᠰᠡᠬᠦ︔    ︵ᠬᠤᠶᠠᠷ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠬᠡᠷᠡᠭᠴᠡᠭᠡ ᠶᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ︔    ︵ᠭᠤᠷᠪᠠ︶ ᠰᠢᠲᠠᠭᠠᠬᠤ ᠭᠡᠷᠡᠴᠢ ᠪᠤᠶᠤ ᠥᠭᠦᠭᠰᠡᠨ ᠭᠡᠷᠡᠴᠢ ᠳᠤ ᠥᠯᠥ ᠲᠦᠰᠢᠭᠯᠡᠨ ᠣᠩᠭᠤᠨ ᠤ ᠪᠠᠶᠢᠷᠢ ︵ᠣᠷᠣᠨ ᠪᠠᠶᠢᠷᠢ︶ ᠲᠦᠷᠢᠶᠡᠰᠦᠯᠡᠬᠦ ︵ᠬᠤᠳᠠᠯᠳᠤᠬᠤ︶ ᠭᠠᠷᠳᠠᠮ᠂ ᠲᠦᠷᠢᠶᠡᠰᠦᠯᠡᠬᠦ ︵ᠬᠤᠳᠠᠯᠳᠤᠬᠤ︶ ᠬᠥᠮᠦᠨ ᠳᠤ ᠠᠮᠢᠳᠤ ᠬᠦᠮᠦᠨ ᠤ ᠣᠩᠭᠤᠨ ᠤ ᠪᠠᠶᠢᠷᠢ ︵ᠣᠷᠣᠨ ᠪᠠᠶᠢᠷᠢ︶ ᠦᠯᠡᠳᠡᠭᠡᠭᠰᠡᠨ ᠪᠠᠶᠢᠳᠠᠯ ᠪᠠᠶᠢᠬᠤ ᠡᠰᠡᠬᠦ︔    ︵ᠳᠥᠷᠪᠡ︶ ᠲᠥᠷᠥᠯ ᠤᠭᠰᠠᠭ᠎ᠠ ᠶᠢᠨ ᠲᠥᠪᠯᠡᠷᠡᠭᠰᠡᠨ ᠴᠢᠨᠳᠠᠷ ᠬᠠᠳᠠᠭᠠᠯᠠᠬᠤ ᠬᠤᠭᠤᠷᠣᠨᠳᠣ ᠪᠦᠬᠦᠯᠢ ᠥᠷᠥᠭᠡ ᠪᠠᠷ ᠬᠤᠳᠠᠯᠳᠤᠭᠰᠠᠨ ︵ᠲᠦᠷᠢᠶᠡᠰᠦᠯᠡᠭᠰᠡᠨ︶ ᠪᠠᠶᠢᠳᠠᠯ ᠣᠷᠣᠰᠢᠵᠤ ᠪᠠᠶᠢᠬᠤ ᠡᠰᠡᠬᠦ︔    ︵ᠲᠠᠪᠤ︶ ᠲᠥᠬᠦᠭᠡᠷᠦᠮᠵᠢ ᠶᠢᠨ ᠳᠣᠲᠣᠷ᠎ᠠ ᠲᠤᠮᠤ ᠬᠡᠯᠪᠡᠷᠢ ᠶᠢᠨ ᠵᠠᠳᠠᠭᠠᠶ ᠱᠠᠰᠢᠨ ᠤ ᠳᠦᠷᠰᠦ ᠪᠦᠲᠦᠭᠡᠯᠲᠡ ᠶᠢ ᠪᠠᠶᠢᠭᠤᠯᠤᠭᠰᠠᠨ᠂ ᠹᠸᠤᠳᠠᠯ ᠤᠨ ᠮᠤᠬᠤᠷ ᠰᠦᠰᠦᠭ ᠤᠨ ᠦᠡᠭᠭᠡ ᠪᠤᠳᠤᠭ ᠲᠠᠢ ᠪᠠᠷᠢᠯᠭ᠎ᠠ ᠶᠢᠨ  ᠵᠦᠢᠯ ᠪᠠᠶᠢᠬᠤ ᠡᠰᠡᠬᠦ︔    ︵ᠵᠢᠷᠭᠤᠭ᠎ᠠ︶ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠦᠷᠢᠴᠡᠭᠰᠡᠨ ᠪᠤᠰᠤᠳ ᠪᠠᠶᠢᠳᠠᠯ᠃    ᠲᠣᠳᠣᠷᠬᠠᠶᠢᠯᠠᠯᠲᠠ᠄ 1. ᠰᠣᠩᠭᠤᠬᠤ ᠰᠡᠳᠦᠪ ᠢ ︽□︾ ᠳᠤᠮᠳᠠ ︽D︾ ᠵᠢᠷᠤᠨ᠎ᠠ᠃    2. ᠲᠤᠰ ᠤᠳᠠᠭᠠᠨ ᠤ ᠡᠲᠡᠭᠡᠳ ᠪᠣᠯ ᠣᠳᠣ ᠶᠢᠨ ᠪᠠᠶᠢᠭ᠎ᠠ ᠨᠡᠶᠢᠲᠡ ᠶᠢᠨ ᠣᠩᠭᠤᠨ᠂ ᠴᠢᠨᠳᠠᠷ ᠤᠨ ᠲᠠᠩᠬᠢᠮ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ ᠵᠡᠷᠭᠡ ᠡᠯ᠎ᠡ ᠲᠥᠷᠥᠯ ᠤᠨ ᠣᠷᠣᠰᠢᠭᠤᠯᠭ᠎ᠠ ᠶᠢᠨ ᠲᠦᠭᠦᠭᠡᠷᠦᠮᠵᠢ ︵ᠬᠤᠲᠠ ᠬᠥᠳᠡᠭᠡ᠂ ᠬᠢᠨᠠᠨ ᠵᠥᠪᠰᠢᠶᠡᠷᠡᠬᠦ ᠪᠠ ᠦᠯᠦ ᠬᠢᠨᠠᠨ ᠵᠥᠪᠰᠢᠶᠡᠷᠡᠬᠦ᠂ ᠬᠡᠷᠡᠭᠯᠡᠬᠦ ᠪᠠ ᠬᠡᠷᠡᠭᠯᠡᠬᠦ ᠶᠢ ᠨᠢ ᠵᠣᠭᠰᠣᠭᠠᠬᠤ ᠵᠡᠷᠭᠡ ᠡᠯ᠎ᠡ ᠲᠥᠷᠥᠯ ᠤᠨ ᠲᠥᠬᠦᠭᠡᠷᠦᠮᠵᠢ ᠪᠠᠭᠲᠠᠨ᠎ᠠ︶ ᠪᠣᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠬᠤᠲᠣᠩᠴᠤᠳ ᠤᠨ ᠪᠤᠩᠬᠤᠨ ᠵᠢᠴᠢ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠴᠢᠨᠳᠠᠷ ᠬᠠᠳᠠᠭᠠᠯᠠᠬᠤ ᠲᠥᠬᠦᠭᠡᠷᠦᠮᠵᠢ ᠶᠢ ᠴᠦ ᠲᠤᠰ ᠤᠳᠠᠭᠠᠨ ᠤ ᠪᠠᠶᠢᠴᠠᠭᠠᠨ ᠵᠢᠭᠰᠠᠭᠠᠬᠤ ᠬᠡᠪᠴᠢᠶᠡᠨ ᠳᠤ  ᠤᠷᠤᠭᠤᠯᠪᠠ᠃    3. ᠬᠤᠯᠪᠣᠭᠳᠠᠯ ᠪᠦᠬᠦᠢ ᠤᠬᠠᠭᠳᠠᠬᠤᠨ᠄ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ︵ᠴᠢᠨᠳᠠᠷ ᠤᠨ ᠲᠠᠩᠬᠢᠮ︶ ᠭᠡᠳᠡᠭ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠴᠢᠨᠳᠠᠷ ᠢ ᠦᠨ᠎ᠡ ᠲᠥᠯᠥᠪᠦᠷᠢ ᠲᠠᠢ ᠪᠠᠷ ᠤᠷᠤᠰᠢᠭᠤᠯᠬᠤ ᠪᠤᠶᠤ ᠴᠢᠨᠳᠠᠷ ᠢ ᠨᠢ ᠣᠷᠣᠰᠢᠭᠤᠯᠬᠤ ︵ᠲᠠᠯᠪᠢᠬᠤ︶ ᠦᠢᠯᠡᠴᠢᠯᠡᠭᠡᠨ ᠬᠠᠩᠭᠠᠬᠤ ᠣᠷᠣᠰᠢᠭᠤᠯᠬᠤ ︵ᠲᠠᠯᠪᠢᠬᠤ︶ ᠲᠦᠭᠦᠭᠡᠷᠦᠮᠵᠢ ᠶᠢ ᠵᠢᠭᠠᠵᠤ ᠪᠣᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠪᠤᠩᠬᠤᠨ ︵ᠴᠢᠨᠳᠠᠷ ᠤᠨ ᠴᠠᠶᠢᠪᠤᠷ ᠲᠢᠩᠭᠢᠮ︶ ᠭᠡᠳᠡᠭ ᠨᠢ ᠠᠰᠢᠭ ᠬᠤᠨᠵᠢᠪᠣᠷᠢ ᠣᠯᠬᠤ ᠪᠠᠷ ᠵᠣᠷᠢᠯᠭ᠎ᠠ ᠪᠣᠯᠭᠠᠬᠤ ᠦᠭᠡᠢ ᠪᠠᠶᠢᠬᠤ ᠶᠢ ᠵᠢᠭᠠᠵᠤ ᠪᠠᠶᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠴᠢᠨᠳᠠᠷ ᠣᠷᠣᠰᠢᠭᠤᠯᠬᠤ ᠪᠤᠶᠤ ᠴᠢᠨᠳᠠᠷ ᠣᠷᠣᠰᠢᠭᠤᠯᠬᠤ ︵ᠲᠠᠯᠪᠢᠬᠤ︶ ᠦᠢᠯᠡᠴᠢᠯᠡᠭᠡᠨ ᠬᠠᠩᠭᠠᠬᠤ ᠣᠯᠠᠨ ᠨᠡᠶᠢᠲᠡ ᠶᠢᠨ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠬᠠᠩᠭᠠᠨ᠎ᠠ᠃ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ ᠭᠡᠳᠡᠭ ᠨᠢ ᠲᠣᠰᠬᠤᠨ ︵ᠰᠠᠭᠤᠭᠠᠯᠢ ᠠᠷᠠᠳ︶ ᠤ ᠵᠥᠪᠯᠡᠯ ᠠᠴᠠ ᠲᠤᠰ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠴᠢᠨᠳᠠᠷ ᠪᠤᠶᠤ ᠴᠢᠨᠳᠠᠷ ᠢ ᠨᠢ ᠣᠷᠣᠰᠢᠭᠤᠯᠤᠭᠰᠠᠨ ᠣᠯᠠᠨ ᠨᠡᠶᠢᠲᠡ ᠶᠢᠨ ᠣᠩᠭᠤᠨ ᠤ ᠭᠠᠵᠠᠷ ᠢ ᠵᠢᠭᠠᠵᠤ ᠪᠤᠶ᠃ ᠡᠰᠡᠬᠦᠯ᠎ᠡ ᠠᠶᠠᠨᠳᠠᠭᠠᠨ ᠪᠦᠷᠢᠯᠳᠦᠭᠰᠡᠨ ᠪᠥᠭᠡᠳ ᠵᠣᠬᠢᠬᠤ ᠬᠡᠪᠴᠢᠶ᠎ᠡ ᠲᠠᠢ᠂ ᠲᠣᠰ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠴᠢᠨᠳᠠᠷ ᠪᠤᠶᠤ ᠴᠢᠨᠳᠠᠷ ᠢ ᠪᠤᠯᠠᠬᠤ ᠳᠤ ᠬᠡᠷᠡᠭᠯᠡᠬᠦ ᠲᠥᠪᠯᠡᠷᠡᠭᠦᠯᠦᠨ ᠪᠤᠯᠠᠬᠤ ᠴᠡᠭ ᠲᠠᠢ᠃    4. ᠲᠣᠰ ᠬᠦᠰᠦᠨᠦᠭᠲᠦ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠵᠤ ᠵᠢᠭᠰᠠᠭᠠᠬᠤ ᠴᠢᠬᠤᠯᠠᠲᠠᠶ ᠪᠠᠶᠢᠵᠤ᠂ ᠪᠡᠯᠡᠳᠬᠡᠮᠵᠢ ᠨᠢᠭᠡᠪᠦᠷᠢ ᠨᠢ ᠨᠢᠭᠡ ᠬᠤᠪᠢ ᠲᠤᠭ᠎ᠠ ᠪᠦᠷᠢᠳᠬᠡᠯ ᠤᠨ ᠬᠦᠰᠦᠨᠦᠭᠲᠦ ᠲᠠᠢ ᠲᠣᠬᠢᠷᠠᠯᠴᠠᠬᠤ ᠬᠡᠷᠡᠭᠲᠡᠶ᠃ ᠲᠠᠭᠯᠠᠨ ᠮᠡᠳᠡᠭᠦᠯᠦᠭᠰᠡᠨ ᠨᠢᠭᠡᠴᠢ ᠨᠢ ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠬᠠᠮᠢᠶᠠᠷᠤᠯᠲᠠ ᠡᠵᠡᠩᠨᠡᠯᠲᠡ ᠶᠢᠨ ᠪᠠᠶᠢᠭᠤᠯᠤᠮᠵᠢ ︵ ᠨᠢᠬᠡᠴᠡ︶ ᠪᠣᠯᠤᠨ᠎ᠠ᠂ ᠬᠠᠮᠢᠶᠠᠷᠴᠤ ᠡᠵᠡᠩᠨᠡᠬᠦ ᠪᠠᠶᠢᠭᠤᠯᠤᠮᠵᠢ ᠦᠭᠡᠶ ᠪᠣᠯ ᠪᠠᠶᠢᠭ᠎ᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠨᠢ ᠲᠠᠭᠯᠠᠨ ᠮᠡᠳᠡᠭᠦᠯᠬᠦ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠳᠣᠷᠬᠠᠶ ᠲᠠᠭᠯᠠᠨ ᠮᠡᠳᠡᠭᠦᠯᠬᠦ ᠬᠡᠷᠡᠭᠲᠡᠶ᠃   ᠨᠢᠭᠡᠳᠦᠭᠡᠷ ᠬᠡᠰᠡᠭ᠂ ᠲᠠᠭᠯᠠᠨ ᠮᠡᠳᠡᠭᠦᠯᠦᠭᠰᠡᠨ ᠪᠠᠶᠢᠳᠠᠯ    1. ᠲᠠᠭᠯᠠᠨ ᠮᠡᠳᠡᠭᠦᠯᠦᠭᠰᠡᠨ ᠡᠳᠦᠷ ᠬᠤᠭᠤᠴᠠᠭ᠎ᠠ᠄ ᠤᠨ ᠰᠠᠷ᠎ᠠ ᠡᠳᠦᠷ    2. ᠲᠠᠭᠯᠠᠨ ᠮᠡᠳᠡᠭᠦᠯᠦᠭᠴᠢ ᠶᠢᠨ ᠣᠪᠣᠭ ᠨᠡᠷ᠎ᠡ᠄ ᠬᠠᠷᠢᠯᠴᠠᠬᠤ ᠤᠲᠠᠰᠤ᠄    3. ᠲᠠᠭᠯᠠᠨ ᠮᠡᠳᠡᠭᠦᠯᠦᠭᠰᠡᠨ ᠨᠢᠭᠡᠴᠡ᠄ ᠬᠠᠷᠢᠭᠤᠴᠠᠯᠭᠠᠲᠠᠨ ᠤ ᠣᠪᠣᠭ ᠨᠡᠷ᠎ᠡ᠄    ᠬᠠᠷᠢᠯᠴᠠᠬᠤ ᠤᠲᠠᠰᠤ᠄    ᠬᠤᠶᠠᠳᠤᠭᠠᠷ ᠬᠡᠰᠡᠭ᠂ ᠲᠤᠰ ᠲᠥᠬᠦᠭᠡᠷᠦᠮᠵᠢ ᠶᠢᠨ ᠦᠨᠳᠦᠰᠦᠨ ᠪᠠᠶᠢᠳᠠᠯ    1. ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠭᠤᠶᠤᠴᠢᠯᠠᠨ ᠡᠷᠬᠢᠯᠡᠬᠦ ᠭᠤᠣᠯ ᠴᠣᠭᠴᠠ ᠶᠢᠨ ᠨᠡᠷᠡᠶᠢᠳᠦᠯ ︵ᠪᠦᠬᠦ ᠨᠡᠷ᠎ᠡ ᠶᠢ ᠲᠠᠭᠯᠠᠨ᠎ᠠ︶᠃    2. ᠣᠷᠣᠰᠢᠭᠤᠯᠭ᠎ᠠ ᠶᠢᠨ ︵ᠲᠠᠯᠪᠢᠬᠤ︶ ᠪᠡᠯᠡᠳᠬᠡᠮᠵᠢ ᠶᠢ ᠬᠠᠮᠢᠶᠠᠷᠴᠤ ᠡᠵᠡᠩᠨᠡᠬᠦ ᠪᠠᠶᠢᠭᠤᠯᠤᠮᠵᠢ ︵ ᠨᠢᠭᠡᠴᠡ︶ ᠶᠢᠨ ᠨᠡᠷᠡᠶᠢᠳᠦᠯ ︵ᠬᠡᠷᠪᠡ ᠪᠠᠶᠢᠬᠤ ᠦᠭᠡᠢ ᠪᠣᠯ᠂ ᠪᠠᠶᠢᠭ᠎ᠠ ᠭᠠᠵᠠᠷ ᠤᠨ ᠭᠠᠴᠠᠭ᠎ᠠ ︵ᠰᠠᠭᠤᠭᠠᠯᠢ︶ ᠶᠢᠨ ᠵᠥᠪᠯᠡᠯ ᠤᠨ ᠨᠡᠷᠡᠶᠢᠳᠦᠯ ᠢ ᠲᠠᠭᠯᠠᠵᠤ ᠪᠣᠯᠤᠨ᠎ᠠ᠃    3. ᠣᠷᠣᠰᠢᠭᠤᠯᠭ᠎ᠠ ᠶᠢᠨ ︵ᠲᠠᠯᠪᠢᠬᠤ︶ ᠲᠥᠬᠦᠭᠡᠷᠦᠮᠵᠢ ᠶᠢᠨ ᠨᠡᠷᠡᠶᠢᠳᠦᠯ ︵ᠬᠡᠷᠪᠡ ᠨᠡᠷᠡᠶᠢᠳᠦᠯ ᠦᠭᠡᠢ ᠪᠣᠯ᠂ ︽ᠨᠢᠭᠡᠨ ᠰᠢᠶᠠᠨ ᠨᠢᠭᠡᠨ ᠰᠢᠶᠠᠩ ᠤᠨ ᠨᠢᠭᠡᠨ ᠲᠣᠰᠬᠤᠨ ᠤ ᠨᠡᠶᠢᠲᠡ ᠶᠢᠨ ᠪᠤᠩᠬᠤᠨ / ᠴᠢᠨᠳᠠᠷ ᠤᠨ ᠲᠠᠩᠬᠢᠮ / ᠬᠦᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠯᠠᠰᠢ ᠶᠢᠨ ᠭᠠᠵᠠᠷ︾ ᠢᠶᠠᠷ ᠯᠠᠪᠯᠠᠯᠲᠠ ᠪᠣᠯᠭᠠᠵᠤ ᠲᠠᠭᠯᠠᠵᠤ ᠪᠣᠯᠤᠨ᠎ᠠ᠂ ᠣᠯᠠᠨ ᠲᠥᠬᠦᠭᠡᠷᠦᠮᠵᠢ ᠪᠠᠶᠢᠪᠠᠯ᠂ ᠥᠪᠡᠷᠲᠡᠭᠡᠨ ᠳ᠋ᠤᠭᠠᠷᠯᠠᠵᠤ ᠲᠠᠭᠯᠠᠵᠤ ᠪᠣᠯᠤᠨ᠎ᠠ᠃    4. ᠬᠠᠶ᠋ᠢᠭ ᠨᠢ ᠬᠡᠳᠦᠶ ᠪᠣᠳᠠᠲᠠᠶ ᠪᠣᠯ ᠲᠡᠳᠦᠶ ᠰᠠᠶᠢᠨ    ① ᠭᠠᠯ ᠢᠶᠠᠷ ᠳᠡᠭᠳᠡᠭᠡᠬᠦ ᠣᠷᠣᠨ □    ② ᠰᠢᠷᠣᠢ ᠳᠤ ᠣᠷᠣᠰᠢᠭᠤᠯᠬᠤ ᠥᠭᠡᠷᠡᠴᠢᠯᠡᠯᠲᠡ ᠶᠢᠨ ᠣᠷᠣᠨ □    ③ ᠪᠤᠰᠤᠳ ᠪᠠᠶᠢᠳᠠᠯ ᠢ ᠨᠢ ᠲᠤᠳᠤᠷᠬᠠᠶᠢᠯᠠᠬᠤ ᠪᠤᠯᠪᠠᠦ □    5. 2018 ᠤᠨ᠂ 2019 ᠣᠨ ᠳᠤ ᠬᠤᠶᠠᠷ ᠤᠳᠠᠭ᠎ᠠ ᠪᠠᠶᠢᠴᠠᠭᠠᠨ ᠵᠢᠭᠰᠠᠭᠠᠵᠤ ᠴᠡᠭᠴᠡᠯᠡᠨ ᠵᠠᠰᠠᠬᠤ ᠬᠡᠪᠴᠢᠶᠡᠨ ᠳᠤ ᠤᠷᠤᠭᠤᠯᠤᠭᠰᠠᠨ ᠡᠰᠡᠬᠦ   ① ᠣᠷᠣᠭᠤᠯᠤᠭᠰᠠᠨ ᠦᠬᠡᠢ︔□   ② ᠲᠡᠭᠦᠨ ᠢ ᠣᠷᠣᠭᠤᠯᠵᠠᠶ︔□   ③ ᠨᠢᠭᠡᠨᠲᠡ ᠴᠡᠭᠴᠡᠯᠡᠨ ᠵᠠᠰᠠᠵᠤ ᠳᠠᠭᠤᠰᠬᠠᠭᠰᠠᠨ︔□   ④ ᠴᠡᠭᠴᠡᠯᠡᠨ ᠵᠠᠰᠠᠵᠤ ᠪᠠᠷᠠᠭᠰᠠᠨ ᠦᠭᠡᠢ︔□   ⑤ ᠪᠤᠰᠤᠳ‌ᠵᠦ᠋ᠢᠯ ᠢ ᠲᠣᠳᠣᠷᠬᠠᠶᠢᠯᠠᠬᠤ ᠪᠣᠯᠪᠠᠤ᠄    6. ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠲᠥᠷᠥᠯ ᠬᠡᠯᠪᠡᠷᠢ ︵ᠳᠠᠩ ᠰᠣᠩᠭᠤᠬᠤ︶᠄   ︵1︶ ᠨᠢᠭᠡᠨᠲᠡ ᠬᠢᠨᠠᠨ ᠵᠥᠪᠰᠢᠶᠡᠷᠡᠭᠰᠡᠨ □   ① ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠤᠩᠭᠤᠨ□    ②ᠡᠵᠡᠩᠨᠡᠯᠲᠡ ᠶᠢᠨ ᠴᠢᠨᠠᠷᠲᠠᠶ ᠴᠢᠨᠳᠠᠷ ᠤᠨ ᠲᠠᠩᠬᠢᠮ□    ③ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠩᠭᠤᠨ ︵ᠡᠷᠬᠢᠯᠡᠬᠦ ᠭᠤᠣᠯ ᠴᠣᠭᠴᠠ ᠶᠢᠨ ᠱᠠᠳᠤ ᠳᠠᠪᠬᠤᠷᠭ᠎ᠠ ᠶᠢᠨ ᠰᠣᠩᠭᠤᠯᠲᠠ︶᠄    A ᠲᠤᠰᠬᠠᠶ ᠣᠷᠣᠨ ᠬᠤᠳᠠ ᠶᠢᠨ ᠲᠡᠰ□    B ᠰᠢᠶᠠᠨ ᠤ ᠱᠠᠳᠤ ︵ᠬᠤᠳᠠ ᠶᠢᠨ ᠬᠠᠷᠢᠶ᠎ᠠ ᠲᠣᠭᠤᠷᠢᠭ ᠪᠠᠭᠲᠠᠨ᠎ᠠ︶ □    C ᠰᠤᠮᠤ ᠪᠠᠯᠭᠠᠰᠤᠨ ᠤ ᠲᠡᠰ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠭᠲᠠᠨ᠎ᠠ︶ □    D ᠭᠠᠴᠠᠭ᠎ᠠ ︵ᠰᠠᠭᠤᠭᠠᠯᠢ︶ ᠶᠢᠨ ᠱᠠᠳᠤ ︵ᠤᠯᠠᠨ ᠭᠠᠴᠠᠭ᠎ᠠ ᠬᠤᠯᠪᠣᠭᠠᠯᠠᠨ ᠪᠠᠶᠢᠭᠤᠯᠬᠤ᠂ ᠲᠣᠰᠬᠤᠨ ᠤ ᠳᠤᠭᠤᠶᠢᠯᠠᠩ ᠬᠠᠮᠳᠤᠷᠠᠨ ᠪᠠᠶᠢᠭᠤᠯᠬᠤ ᠵᠡᠷᠭᠡ ᠶᠢ ᠪᠠᠭᠲᠠᠭᠠᠨ᠎ᠠ︶□    ④ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠴᠢᠨᠳᠠᠷ ᠤᠨ ᠲᠠᠩᠬᠢᠮ ︵ᠡᠷᠬᠢᠯᠡᠭᠰᠡᠨ ᠭᠤᠣᠯ ᠴᠣᠭᠴᠠ ᠶᠢᠨ ᠲᠡᠰ ᠳᠠᠪᠬᠤᠷᠭ᠎ᠠ︶᠄    A ᠲᠤᠰᠬᠠᠶ ᠣᠷᠣᠨ ᠬᠤᠳᠠ ᠶᠢᠨ ᠲᠡᠰ□    B ᠰᠢᠶᠠᠨ ᠤ ᠱᠠᠳᠤ ︵ᠬᠤᠳᠠ ᠶᠢᠨ ᠬᠠᠷᠢᠶ᠎ᠠ ᠲᠣᠭᠤᠷᠢᠭ ᠪᠠᠭᠲᠠᠨ᠎ᠠ︶ □    C ᠰᠤᠮᠤ ᠪᠠᠯᠭᠠᠰᠤᠨ ᠤ ᠲᠡᠰ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠭᠲᠠᠨ᠎ᠠ︶ □    D ᠭᠠᠴᠠᠭᠠᠨ ᠤ ︵ᠰᠠᠭᠤᠭᠠᠯᠢ︶ ᠳᠡᠰ ︵ᠤᠯᠠᠨ ᠭᠠᠴᠠᠭ᠎ᠠ ᠬᠠᠮᠲᠤᠷᠠᠨ ᠪᠠᠶᠢᠭᠤᠯᠬᠤ᠂ ᠭᠠᠴᠠᠭᠠᠨ ᠤ ᠳᠤᠭᠤᠶᠢᠯᠠᠩ ᠬᠠᠮᠳᠤᠷᠠᠨ ᠪᠠᠶᠢᠭᠤᠯᠬᠤ ᠵᠡᠷᠭᠡ ᠶᠢ ᠪᠠᠭᠲᠠᠭᠠᠨ᠎ᠠ︶□    ⑤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠯᠠᠰᠢ ᠶᠢᠨ ᠭᠠᠵᠠᠷ□    ⑥ ᠬᠤᠲᠣᠩ ᠤᠨ ᠨᠡᠶᠢᠲᠡ ᠶᠢᠨ ᠤᠩᠭᠤᠨ□    ⑦ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠴᠢᠨᠳᠠᠷ ᠬᠠᠳᠠᠭᠠᠯᠠᠬᠤ ᠲᠥᠬᠦᠭᠡᠷᠦᠮᠵᠢ□    ⑧ ᠪᠤᠰᠤᠳ ᠵᠦᠢᠯ ᠢ ᠲᠣᠳᠣᠷᠬᠠᠶᠢᠯᠠᠬᠤ ᠪᠣᠯᠪᠠᠤ᠄□    ︵2︶ ᠬᠢᠨᠠᠨ ᠵᠥᠪᠰᠢᠶᠡᠷᠡᠭᠰᠡᠨ ᠦᠭᠡᠢ    ① ᠨᠡᠶᠢᠲᠡ ᠶᠢᠨ ᠤᠩᠭᠤᠨ□    ② ᠴᠢᠨᠳᠠᠷ ᠤᠨ ᠭᠡᠷ□    ③ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠯᠠᠰᠢᠨ ᠭᠠᠵᠠᠷ ︵ ᠲᠥᠪᠯᠡᠷᠡᠭᠦᠯᠦᠨ ᠪᠤᠯᠠᠰᠢᠯᠠᠬᠤ ᠭᠠᠵᠠᠷ ᠪᠠᠭᠲᠠᠨ᠎ᠠ︶ □    ④ ᠪᠤᠰᠤᠳ ᠵᠦᠢᠯ ᠢ ᠲᠣᠳᠣᠷᠬᠠᠶᠢᠯᠠᠬᠤ ᠪᠣᠯᠪᠠᠤ᠄□    7. ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠶᠡᠷᠦᠩᠬᠡᠶ ᠲᠠᠯᠠᠪᠠᠢ᠄ ᠺᠦᠸᠠᠲ ᠮᠧᠲᠷ᠂ ᠪᠡᠯᠡᠳᠬᠡᠮᠵᠢ ᠶᠢᠨ ᠳᠣᠲᠣᠷᠠᠬᠢ ᠣᠩᠭᠤᠨ ᠤ ᠪᠠᠶᠢᠷᠢ ᠶᠢᠨ ᠴᠢᠳᠠᠮᠵᠢᠲᠤ ᠣᠷᠣᠨ ᠤ ᠶᠡᠷᠦᠩᠬᠡᠶ ᠡᠵᠡᠯᠡᠬᠦ ᠲᠠᠯᠠᠪᠠᠢ᠄  ᠺᠦᠸᠠᠲ ᠮᠧᠲᠷ᠂ ᠪᠡᠯᠡᠳᠬᠡᠮᠵᠢ ᠶᠢᠨ ᠳᠣᠲᠣᠷᠠᠬᠢ ᠴᠢᠨᠳᠠᠷ ᠤᠨ ᠲᠠᠩᠬᠢᠮ ︵ᠠᠰᠠᠷ᠂ ᠰᠤᠪᠤᠷᠭ᠎ᠠ ᠵᠡᠷᠭᠡ︶ ᠤᠨ ᠪᠠᠷᠢᠯᠭ᠎ᠠ ᠶᠢᠨ ᠲᠠᠯᠠᠪᠠᠢ᠄ ᠺᠦᠸᠠᠲ ᠮᠧᠲᠷ᠃    8. ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠭᠠᠵᠠᠷ ᠡᠵᠡᠯᠡᠬᠦ ᠲᠥᠷᠥᠯ ᠵᠦᠢᠯ ︵ᠣᠯᠠᠨ ᠰᠣᠩᠭᠤᠵᠤ ᠪᠣᠯᠤᠨ᠎ᠠ︶᠄    ① ᠣᠷᠣᠰᠢᠭᠤᠯᠭ᠎ᠠ ᠳᠤ ᠬᠡᠷᠡᠭᠯᠡᠬᠦ ᠭᠠᠵᠠᠷ    ② ᠲᠠᠷᠢᠶᠠᠨ ᠭᠠᠵᠠᠷ □    ③ ᠣᠶᠢᠲᠤ ᠭᠠᠵᠠᠷ □    ④ ᠵᠦᠯᠭᠡ□    ⑤ ᠲᠠᠷᠢᠶᠠᠯᠠᠩ ᠤᠨ ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ□    ⑥ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ□    ⑦ ᠬᠤᠳᠠ ᠬᠥᠳᠡᠭᠡ ᠶᠢᠨ ᠣᠷᠣᠨ ᠰᠠᠭᠤᠴᠠ ᠪᠠ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠳᠤ ᠬᠡᠷᠡᠭᠯᠡᠬᠦ ᠭᠠᠵᠠᠷ□    ⑧ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ□    ⑨ ᠵᠠᠮ ᠬᠠᠷᠢᠯᠴᠠᠭ᠎ᠠ ᠤᠰᠤᠨ ᠠᠰᠢᠭᠯᠠᠯᠲᠠ ᠶᠢᠨ ᠲᠥᠬᠦᠭᠡᠷᠦᠮᠵᠢ ᠳᠤ ᠬᠡᠷᠡᠭᠯᠡᠬᠦ ᠭᠠᠵᠠᠷ□    ⑩ ᠵᠢᠭᠤᠯᠴᠢᠯᠠᠯ ᠳᠤ ᠬᠡᠷᠡᠭᠯᠡᠬᠦ ᠭᠠᠵᠠᠷ□    ⑪ ᠴᠡᠷᠢᠭ ᠤᠨ ᠪᠡᠯᠡᠳᠬᠡᠮᠵᠢ ᠳᠤ ᠬᠡᠷᠡᠭᠯᠡᠬᠦ ᠭᠠᠵᠠᠷ□    ⑫ ᠠᠰᠢᠭᠯᠠᠭᠠᠳᠤᠢ ᠭᠠᠵᠠᠷ□    ⑬ ᠪᠤᠰᠤᠳ ᠢ ᠨᠢ ᠲᠣᠳᠣᠷᠬᠠᠶᠢᠯᠠᠬᠤ ᠪᠣᠯᠪᠠᠤ᠄□    9. ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ︵ᠣᠯᠠᠨ ᠰᠣᠩᠭᠤᠵᠤ ᠪᠣᠯᠤᠨ᠎ᠠ︶᠄    ① ᠡᠳ᠋ ᠤᠨ ᠵᠠᠰᠠᠭ ᠠᠴᠠ ᠰᠠᠯᠭᠠᠨ ᠥᠭᠬᠦ ᠵᠣᠭᠤᠰ □    ② ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ □    ③ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ □    ④ ᠭᠠᠴᠠᠭᠠᠨ ᠤ ᠬᠠᠮᠲᠤ ᠶᠢᠨ ᠪᠡᠯᠡ ᠣᠷᠣᠭᠤᠯᠤᠯᠲᠠ □    ⑤ ᠨᠡᠶᠢᠭᠡᠮ ᠤᠨ ᠬᠠᠨᠳᠢᠪᠯᠠᠯ □    ⑥ ᠬᠤᠪᠢ ᠬᠥᠮᠦᠨ ᠤ ᠪᠡᠯᠡ ᠣᠷᠣᠭᠤᠯᠤᠯᠲᠠ □    ⑦ ᠪᠤᠰᠤᠳ ᠵᠦᠶ᠋ᠯ ᠢ ᠲᠣᠳᠣᠷᠬᠠᠶᠢᠯᠠᠬᠤ ᠪᠣᠯᠪᠠᠤ᠄ □    10. ᠣᠯᠤᠭᠰᠠᠨ ᠬᠢᠨᠠᠨ ᠵᠥᠪᠰᠢᠶᠡᠷᠡᠭᠰᠡᠨ ᠦᠨᠡᠮᠯᠡᠯ ᠤᠨ ᠪᠢᠴᠢᠭ ᠮᠠᠲ᠋ᠧᠷᠢᠶᠠᠯ ᠤᠨ ᠨᠡᠷᠡᠶᠢᠳᠦᠯ ᠪᠣᠯᠤᠨ ᠳ᠋ᠤᠭᠠᠷᠯᠠᠯ ︵ᠢᠯᠡᠭᠦᠦ ᠰᠣᠩᠭᠤᠵᠤ ᠪᠣᠯᠤᠨ᠎ᠠ︶     ︵1︶ ᠶᠠᠮᠠᠷ ᠴᠤ ᠭᠡᠷᠡᠴᠢ ᠪᠠᠷᠢᠮᠲᠠ ᠶᠢᠨ ᠪᠢᠴᠢᠭ ᠮᠠᠲ᠋ᠧᠷᠢᠶᠠᠯ ᠪᠠᠶᠢᠬᠤ ᠦᠭᠡᠢ □     ︵2︶ ᠭᠡᠷᠡᠴᠢ ᠦᠨᠡᠮᠯᠡᠯ ᠤᠨ ᠪᠢᠴᠢᠭ ᠮᠠᠲ᠋ᠧᠷᠢᠶᠠᠯ ᠲᠠᠢ □    ① ᠰᠡᠳᠦᠪ ᠲᠣᠭᠲᠠᠭᠠᠬᠤ ᠴᠣᠬᠤᠯᠠᠪᠤᠷᠢ ᠳ᠋ᠤᠭᠠᠷ □    ② ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠳ᠋ᠤᠭᠠᠷᠯᠠᠯ □    ③ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ □ ᠳ᠋ᠤᠭᠠᠷᠯᠠᠯ    ④ ᠰᠢᠷᠣᠶ ︵ᠤᠢ ᠰᠢᠭᠤᠶ︶ ᠭᠠᠵᠠᠷ ᠢ ᠬᠡᠷᠡᠭᠯᠡᠬᠦ ᠡᠷᠬᠡ ᠶᠢᠨ ᠦᠨᠡᠮᠯᠡᠯ □ ᠳ᠋ᠤᠭᠠᠷ    ⑤ ᠭᠠᠯ ᠤᠨᠲᠠᠷᠠᠭᠠᠬᠤ ᠠᠵᠢᠯ ᠳᠠᠭᠤᠰᠤᠭᠰᠠᠨ ᠳᠠᠩᠰᠠᠯᠠᠯᠲᠠ ᠶᠢᠨ ᠳ᠋ᠤᠭᠠᠷᠯᠠᠯ    ⑥ ᠲᠥᠯᠥᠪᠵᠢᠭᠦᠯᠭᠡ ᠶᠢ ᠰᠢᠯᠭᠠᠨ ᠠᠪᠴᠤ ᠳᠠᠩᠰᠠᠯᠠᠭᠤᠯᠬᠤ □ ᠳ᠋ᠤᠭᠠᠷ    ⑦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠢ ᠬᠦᠯᠢᠶᠡᠨ ᠠᠪᠬᠤ ᠬᠠᠭᠤᠳᠠᠰᠤ □ ᠳ᠋ᠤᠭᠠᠷᠯᠠᠯ    ⑧ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠳᠠᠭᠤᠰᠤᠭᠰᠠᠨ ᠳᠠᠩᠰᠠᠯᠠᠯ ᠤᠨ ᠳ᠋ᠤᠭᠠᠷᠯᠠᠯ    ⑨ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠤᠨ ᠳ᠋ᠤᠭᠠᠷᠯᠠᠯ    ⑩ ᠡᠵᠡᠩᠨᠡᠯᠲᠡ ᠶᠢᠨ ᠦᠨᠡᠮᠯᠡᠯ ᠤᠨ ᠳ᠋ᠤᠭᠠᠷᠯᠠᠯ    ⑪ᠠᠷᠠᠳ ᠤᠨ ᠶᠠᠪᠤᠳᠠᠯ ᠤᠨ ᠬᠢᠨᠠᠨ ᠣᠯᠭᠤᠭᠰᠠᠨ ᠡᠵᠡᠩᠨᠡᠯᠲᠡ ᠶᠢᠨ ᠵᠥᠪᠰᠢᠶᠡᠷᠡᠯ ᠪᠤᠶᠤ ᠴᠣᠬᠤᠯᠠᠪᠤᠷᠢ □ ᠳ᠋ᠤᠭᠠᠷ    ⑫ ᠵᠠᠰᠠᠭ ᠤᠨ ᠣᠷᠳᠣᠨ ᠤ ᠭᠠᠷᠭᠠᠭᠰᠠᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠤᠨ ᠨᠡᠷᠡᠶᠢᠳᠦᠯ ᠵᠢᠴᠢ ᠳ᠋ᠤᠭᠠᠷᠯᠠᠯ □    ⑬  ᠪᠤᠰᠤᠳ ᠢ ᠨᠢ ᠲᠣᠳᠣᠷᠬᠠᠶᠢᠯᠠᠶ᠎ᠠ᠄    11.ᠣᠷᠣᠰᠢᠭᠤᠯᠬᠤ ︵ᠲᠠᠯᠪᠢᠬᠤ︶ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠤᠭᠰᠠᠨ ᠴᠠᠭ᠄ ᠠᠰᠢᠭᠯᠠᠯᠲᠠ ᠳᠤ ᠬᠡᠷᠡᠭᠯᠡᠭᠰᠡᠨ ᠴᠠᠭ ᠨᠢ ᠲᠣᠳᠣᠷᠬᠠᠶ ᠥᠬᠡᠶ    ᠣᠳᠣᠬᠠᠨ ᠳᠤ ᠬᠡᠷᠡᠭᠯᠡᠬᠦ ᠪᠠᠨ ᠵᠣᠭᠰᠣᠨ᠎ᠠ ᠦᠦ ᠦᠭᠡᠢ ᠦᠦ︖    ① ᠬᠡᠷᠡᠭᠯᠡᠬᠦ ᠪᠠᠨ ᠵᠣᠭᠰᠣᠭᠰᠠᠨ □    ② ᠬᠡᠷᠡᠭᠯᠡᠬᠦ ᠪᠠᠨ ᠵᠣᠭᠰᠣᠭᠰᠠᠨ ᠦᠭᠡᠢ □    12. ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠬᠠᠮᠢᠶᠠᠷᠤᠯᠲᠠ ᠡᠵᠡᠩᠨᠡᠯᠲᠡ ᠶᠢᠨ ᠭᠤᠣᠯ ᠴᠣᠭᠴᠠ ᠶᠢᠨ ᠲᠥᠷᠥᠯ ᠬᠡᠯᠪᠡᠷᠢ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠲᠡᠮᠳᠡᠭ ᠢ ᠬᠠᠮᠲᠤ ᠳᠤᠨᠢ ᠲᠠᠭᠯᠠᠨ᠎ᠠ ︵ᠣᠯᠠᠨ ᠰᠤᠩᠭᠤᠵᠤ ᠪᠣᠯᠤᠨ᠎ᠠ᠂ ᠰᠣᠩᠭᠤᠬᠤ ᠵᠦᠢᠯ ᠢ ᠬᠡᠷᠡᠭᠯᠡᠬᠦ ᠥᠬᠡᠶ ᠪᠣᠯ ᠰᠣᠩᠭᠤᠵᠤ ᠲᠠᠭᠯᠠᠬᠤ ᠥᠬᠡᠶ︶᠄    ① ᠠᠷᠠᠳ ᠤᠨ ᠶᠠᠪᠤᠳᠠᠯ ᠤᠨ ᠰᠠᠯᠠᠭ᠎ᠠ ᠮᠥᠴᠢᠷ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠭᠡᠬᠦ    ② ᠠᠵᠢᠯ ᠦᠢᠯᠡᠰ ᠤᠨ ᠨᠢᠭᠡᠴᠡ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠬᠡᠬᠦ    ③ ᠤᠯᠤᠰ ᠤᠨ ᠥᠮᠴᠢᠯᠡᠯ ᠤᠨ ᠠᠵᠤ ᠠᠬᠤᠶᠢᠯᠠᠯ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠭᠡᠬᠦ    ④ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠭᠡᠬᠦ    ⑤ ᠰᠤᠮᠤ ᠪᠠᠯᠭᠠᠰᠤᠨ ᠤ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠬᠡᠬᠦ    ⑥ ᠭᠠᠴᠠᠭᠠᠨ ᠤ ᠰᠠᠭᠤᠭᠠᠯᠢ ᠠᠷᠠᠳ ᠤᠨ ᠵᠥᠪᠯᠡᠯ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢ ᠨᠢᠭᠡᠳᠭᠡᠬᠦ    ⑦ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ □ ᠨᠡᠶᠢᠭᠡᠮ ᠤᠨ ᠢᠲᠡᠭᠡᠮᠵᠢ ᠶᠢᠨ ᠣᠷᠣᠯᠠᠬᠤ ᠲᠡᠮᠳᠡᠭ ᠢ ᠨᠢᠭᠡᠳᠬᠡᠬᠦ    ⑧ ᠨᠡᠶᠢᠭᠡᠮ ᠤᠨ ᠵᠣᠬᠢᠶᠠᠨ ᠪᠠᠶᠢᠭᠤᠯᠤᠯᠲᠠ □ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋    ⑨ ᠪᠤᠰᠤᠳ ᠵᠦᠢᠯ ᠢ ᠲᠣᠳᠣᠷᠬᠠᠶᠢᠯᠠᠶ᠎ᠠ᠄ □    13. ᠣᠷᠣᠰᠢᠭᠤᠯᠭ᠎ᠠ ᠶᠢᠨ ︵ᠲᠠᠯᠪᠢᠬᠤ︶ ᠪᠡᠯᠡᠳᠬᠡᠮᠵᠢ ᠶᠢᠨ ᠣᠩᠭᠤᠨ ᠤ ᠪᠠᠶᠢᠷᠢ ︵ᠣᠷᠣᠨ ᠪᠠᠶᠢᠷᠢ︶ ᠶᠢᠨ ᠰᠦᠶ᠋ᠳᠬᠡᠯ ᠬᠤᠷᠢᠶᠠᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠥᠷᠥᠯ ᠬᠡᠯᠪᠡᠷᠢ ︵ᠣᠯᠠᠨ ᠰᠣᠩᠭᠤᠵᠤ ᠪᠣᠯᠤᠨ᠎ᠠ︶᠄    ① ᠦᠨ᠎ᠡ ᠲᠥᠯᠥᠪᠦᠷᠢ ᠦᠭᠡᠢ ᠪᠠᠷ ᠬᠠᠩᠭᠠᠬᠤ □    ② ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ □    ︵3︶ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ □    ④ ᠵᠠᠰᠠᠭ ᠤᠨ ᠣᠷᠳᠣᠨ ᠤ ᠵᠢᠯᠣᠭᠤᠳᠬᠤ ᠦᠨ᠎ᠡ □    ︵5︶ ᠥᠪᠡᠰᠦᠪᠡᠨ ᠦᠨ᠎ᠡ ᠲᠣᠭᠲᠠᠭᠠᠭᠰᠠᠨ□    ︵6︶ ᠪᠤᠰᠤᠳ ᠵᠦᠢᠯ ᠢ ᠲᠣᠳᠣᠷᠬᠠᠶᠢᠯᠠᠬᠤ ᠪᠣᠯᠪᠠᠤ᠄□    14. ᠲᠠᠭᠯᠠᠵᠤ ᠪᠢᠴᠢᠬᠦ ᠪᠣᠯᠲᠠᠯ᠎ᠠ᠂ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠣᠷᠣᠨ ᠲᠤᠭ᠎ᠠ ︵ᠬᠡᠷᠪᠡ ᠲᠠᠭᠯᠠᠨ ᠪᠢᠴᠢᠬᠦ ᠦᠭᠡᠢ ᠪᠣᠯ︶᠂ ᠨᠢᠭᠡᠨᠲᠡ ᠬᠡᠷᠡᠭᠯᠡᠭᠰᠡᠨ ᠣᠷᠣᠨ ᠲᠤᠭ᠎ᠠ︔ ᠲᠦᠯᠦᠪᠵᠢᠭᠦᠯᠭᠡ ᠵᠢᠷᠤᠭ ᠲᠥᠯᠥᠪᠯᠡᠭᠡ ᠶᠢᠨ ᠣᠩᠭᠤᠨ ᠤ ᠣᠷᠣᠨ ᠲᠤᠭ᠎ᠠ ︵ᠲᠠᠭᠯᠠᠨ ᠪᠢᠴᠢᠬᠦ ᠦᠭᠡᠢ ᠪᠣᠯ︶᠃ ᠪᠤᠩᠬᠤᠨ ᠤ ᠣᠷᠣ ᠶᠢ ᠬᠡᠷᠡᠭᠯᠡᠵᠦ᠂ ᠴᠢᠨᠳᠠᠷ ᠢ ᠤᠷᠤᠰᠢᠭᠤᠯᠤᠨ᠎ᠠ᠃    15. ᠣᠷᠣᠰᠢᠭᠤᠯᠬᠤ ︵ᠲᠠᠯᠪᠢᠬᠤ︶ ᠲᠥᠬᠦᠭᠡᠷᠦᠮᠵᠢ ᠳᠣᠲᠣᠷᠠᠬᠢ ᠣᠷᠣᠰᠢᠭᠤᠯᠬᠤ ᠠᠷᠭ᠎ᠠ ︵ᠤᠯᠠᠨ ᠰᠣᠩᠭᠤᠵᠤ ᠪᠣᠯᠤᠨ᠎ᠠ︶᠄    ① ᠪᠦᠷ ᠪᠤᠯᠠᠰᠢ ᠶᠢᠨ ᠭᠠᠵᠠᠷ ᠪᠤᠯᠠᠰᠢ□    ② ᠬᠡᠰᠡᠭ ᠨᠢ ᠪᠤᠯᠠᠰᠢ ᠶᠢᠨ ᠣᠩᠭᠤᠨ ᠳᠤ ᠣᠷᠣᠰᠢᠭᠤᠯᠤᠭᠰᠠᠨ□    ③ ᠪᠥᠬᠦᠳᠡ ᠶᠢ ᠨᠢ ᠬᠠᠨᠠᠯᠵᠢᠨ ᠪᠠᠶᠢᠷᠢᠰᠢᠭᠤᠯᠬᠤ ᠶᠠᠪᠤᠳᠠᠯ ᠮᠥᠨ □    ④ ᠬᠡᠰᠡᠭ ᠨᠢ ᠬᠠᠨᠠᠯᠵᠢ ᠶᠢᠨ ᠪᠠᠶᠢᠷᠢᠯᠠᠯ ᠮᠥᠨ□    ᠭᠠᠵᠠᠷ ᠤᠨ ᠭᠠᠳᠠᠷᠭᠤ ᠬᠠᠲᠠᠭᠤᠷᠠᠭᠰᠠᠨ ᠦᠭᠡᠢ᠂ ᠬᠥᠰᠢᠶᠡᠨ ᠣᠷᠣᠰᠢᠭᠤᠯᠤᠭᠰᠠᠨ ᠦᠭᠡᠢ ︵ᠵᠢᠱᠢᠶᠡᠯᠡᠪᠡᠯ  ᠰᠠᠴᠤᠷᠠᠬᠤ᠂ ᠮᠣᠳᠣᠨ ᠣᠷᠣᠰᠢᠭᠤᠯᠭ᠎ᠠ᠂ ᠴᠡᠴᠡᠭ ᠣᠷᠣᠰᠢᠭᠤᠯᠬᠤ᠂ ᠵᠦᠯᠭᠡᠨ ᠣᠷᠣᠰᠢᠭᠤᠯᠭ᠎ᠠ ᠵᠡᠷᠭᠡ︶    ⑥ ᠣᠳᠣᠬᠠᠨ ᠳᠤ ᠵᠥᠪᠬᠡᠨ ᠴᠢᠨᠳᠠᠷ ᠢ ᠨᠢ ᠣᠷᠣᠰᠢᠭᠤᠯᠬᠤ ︵ᠲᠠᠯᠪᠢᠬᠤ︶    ⑦ ᠣᠳᠣᠬᠠᠨ ᠳᠤ ᠵᠥᠪᠬᠡᠨ ᠬᠡᠭᠦᠷ ᠣᠷᠣᠰᠢᠭᠤᠯᠬᠤ    ⑧ᠣᠳᠣᠬᠠᠨ ᠳᠤ ᠴᠢᠨᠳᠠᠷ ᠢ ᠨᠢ ᠣᠷᠣᠰᠢᠭᠤᠯᠤᠭᠰᠠᠨ    ᠭᠤᠷᠪᠠᠳᠤᠭᠠᠷ ᠬᠡᠰᠡᠭ᠂ ᠲᠤᠰ ᠲᠥᠬᠦᠭᠡᠷᠦᠮᠵᠢ ᠳᠤ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠳᠣᠤᠷᠠᠬᠢ ᠪᠠᠶᠢᠳᠠᠯ ᠪᠠᠶᠢᠬᠤ ᠡᠰᠡᠬᠦ ︵ᠢᠯᠡᠭᠦᠤ ᠰᠣᠩᠭᠤᠵᠤ ᠪᠣᠯᠤᠨ᠎ᠠ︶    1. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠦᠭᠡᠶ ᠪᠠᠷ ᠳᠤᠷ᠎ᠠ ᠪᠠᠷ ᠢᠶᠠᠨ ᠪᠦᠲᠦᠭᠡᠨ ᠪᠠᠶᠢᠭᠤᠯᠤᠭᠰᠠᠨ ᠡᠰᠡᠬᠦ ᠪᠣᠯ ᠲᠤᠰ ᠤᠳᠠᠭ᠎ᠠ ᠪᠠᠶᠢᠴᠠᠭᠠᠨ ᠭᠠᠷᠭᠠᠭᠰᠠᠨ ᠶᠠᠪᠤᠳᠠᠯ ᠮᠥᠨ.    2. ᠲᠥᠷᠥᠯ ᠵᠦᠢᠯ ᠲᠣᠭᠲᠠᠭᠠᠬᠤ᠂ ᠲᠦᠯᠦᠪᠵᠢᠭᠦᠯᠭᠡ ᠬᠢᠬᠦ᠂ ᠣᠷᠴᠢᠨ ᠲᠣᠭᠤᠷᠢᠨ ᠤ ᠦᠨᠡᠯᠡᠯᠲᠡ ᠬᠢᠬᠦ ᠵᠡᠷᠭᠡ ᠬᠢᠨᠠᠨ ᠵᠥᠪᠰᠢᠶᠡᠷᠡᠬᠦ ᠭᠠᠷᠳᠠᠮ ᠪᠤᠶᠤ ᠭᠠᠷᠳᠠᠮ ᠪᠦᠷᠢᠨ ᠪᠤᠰᠤ□    3. ᠭᠠᠵᠠᠷ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠭᠦᠢᠴᠡᠳᠭᠡᠭᠰᠡᠨ ᠥᠬᠡᠶ ᠨᠢ □    4. ᠲᠥᠷᠥᠯ ᠵᠦᠶ᠋ᠯ ᠤᠨ ᠲᠥᠯᠥᠪᠵᠢᠭᠦᠯᠭᠡ ᠳᠤ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠯᠦ ᠵᠢᠷᠤᠮᠯᠠᠨ ᠪᠦᠲᠦᠭᠡᠨ ᠪᠠᠶᠢᠭᠤᠯᠤᠭᠰᠠᠨ ᠮᠥᠨ ᠡᠰᠡᠬᠦ□    5. ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠶᠤ ᠲᠣᠭᠲᠠᠭᠠᠯ ᠠᠴᠠ ᠵᠥᠷᠢᠴᠡᠨ ᠰᠢᠯᠭᠠᠨ ᠠᠪᠤᠭᠰᠠᠨ ᠦᠭᠡᠢ ᠪᠠᠷ ᠳᠤᠷ᠎ᠠ ᠪᠠᠷ ᠢᠶᠠᠨ ᠡᠵᠡᠩᠨᠡᠭᠰᠡᠨ ᠮᠥᠨ ᠡᠰᠡᠬᠦ□    6. ᠬᠢᠨᠠᠨ ᠲᠣᠭᠲᠠᠭᠠᠭᠰᠠᠨ ᠦᠨ᠎ᠡ ᠬᠠᠩᠰᠢ ᠪᠠᠷ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠭᠡᠯ ᠬᠤᠷᠢᠶᠠᠭᠰᠠᠨ ᠦᠭᠡᠢ ᠮᠦᠨ ᠡᠰᠡᠬᠦ□    7. ᠭᠠᠵᠠᠷ ᠬᠡᠷᠡᠭᠯᠡᠬᠦ ᠲᠠᠯᠠᠪᠠᠶ ᠶᠢ ᠥᠷᠭᠡᠳᠬᠡᠬᠦ ᠵᠢᠴᠢ ᠬᠡᠪᠴᠢᠶ᠎ᠡ ᠶᠢ ᠥᠷᠭᠡᠳᠬᠡᠬᠦ □  ᠺᠦᠸᠠᠲ  ᠮᠧᠲᠷ ᠤᠨ ᠳᠣᠲᠣᠷ᠎ᠠ ᠳᠤᠷ᠎ᠠ ᠪᠠᠷ ᠢᠶᠠᠨ ᠥᠷᠭᠡᠳᠬᠡᠭᠰᠡᠨ ᠦᠭᠡᠢ᠄ □    8. ᠲᠣᠭᠲᠠᠭᠠᠯ ᠠᠴᠠ ᠵᠥᠷᠢᠴᠡᠨ ᠲᠠᠯᠠᠪᠠᠢ ᠠᠴᠠ ᠬᠡᠲᠦᠷᠡᠭᠰᠡᠨ ᠣᠩᠭᠤᠨ ᠤ ᠣᠷᠣ ᠶᠢ ᠪᠠᠶᠢᠭᠤᠯᠤᠭᠰᠠᠨ ᠦᠭᠡᠢ ᠲᠤᠭᠳᠠᠭᠠᠯ ᠠᠴᠠ ᠵᠥᠷᠢᠴᠡᠨ ᠪᠠᠶᠢᠭᠤᠯᠤᠭᠰᠠᠨ ᠪᠤᠶᠤ ᠬᠤᠳᠠᠯᠳᠤᠭᠰᠠᠨ ᠪᠠᠶᠢᠪᠠᠯ᠂ ᠡᠭᠦᠨ ᠤ ᠳᠣᠲᠣᠷ᠎ᠠ᠄   1998 — 2017 ᠣᠨ ᠳᠤ ᠪᠠᠶᠢᠭᠤᠯᠤᠭᠰᠠᠨ ᠪᠠ ᠬᠤᠳᠠᠯᠳᠤᠭᠰᠠᠨ ᠪᠠᠶᠢᠪᠠᠯ︔□ 2018 ᠣᠨ ᠠᠴᠠ ᠣᠲᠣ ᠪᠣᠯᠲᠠᠯ᠎ᠠ ᠪᠥᠲᠥᠭᠡᠨ ᠪᠠᠶᠢᠭᠤᠯᠵᠤ ᠬᠤᠳᠠᠯᠳᠤᠬᠤ ᠪᠣᠯᠤᠨ᠎ᠠ᠃□    9. ᠭᠠᠯ ᠢᠶᠠᠷ ᠳᠡᠭᠳᠡᠭᠡᠬᠦ ᠭᠡᠷᠡᠴᠢ ᠪᠤᠶᠤ ᠦᠬᠦᠭᠰᠡᠨ ᠭᠡᠷᠡᠴᠢ ᠦᠭᠡᠢ ᠤᠷᠢᠳᠴᠢᠯᠠᠨ ᠬᠤᠳᠠᠯᠳᠤᠬᠤ ︵ᠲᠦᠷᠢᠶᠡᠰᠦᠯᠡᠬᠦ︶ ᠣᠩᠭᠤᠨ ᠤ ᠪᠠᠶᠢᠷᠢ ︵ᠣᠷᠣᠨ ᠪᠠᠶᠢᠷᠢ︶  ᠲᠣᠭᠲᠠᠭᠠᠯ ᠵᠥᠷᠢᠴᠡᠨ ᠣᠩᠭᠤᠨ ᠤ ᠣᠷᠣ ᠶᠢ ᠤᠷᠢᠳᠴᠢᠯᠠᠨ ᠬᠤᠳᠠᠯᠳᠤᠬᠤ ︵ᠲᠦᠷᠢᠶᠡᠰᠦᠯᠡᠬᠦ︶ ᠪᠠᠶᠢᠳᠠᠯ ᠪᠠᠶᠢᠬᠤ ᠥᠬᠡᠶ □    10. ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠨᠡᠶᠢᠲᠡ ᠶᠢᠨ ᠠᠰᠠᠷᠠᠮᠵᠢ ᠶᠢᠨ ᠬᠡᠷᠡᠭᠴᠡᠭᠡ ᠶᠢ ᠬᠤᠪᠢᠷᠠᠭᠤᠯᠵᠤ ᠭᠠᠳᠠᠭᠰᠢ ᠪᠣᠷᠣᠯᠠᠭᠤᠯᠵᠤ ᠠᠰᠢᠭ ᠬᠤᠨᠵᠢᠪᠣᠷᠢ ᠣᠯᠤᠭᠰᠠᠨ ᠥᠬᠡᠶ ᠬᠠᠨᠠᠯᠵᠢ᠂ ᠣᠩᠭᠤᠨ ᠤ ᠪᠠᠶᠢᠷᠢ᠂ ᠴᠢᠨᠳᠠᠷ ᠤᠨ ᠬᠡᠷᠡᠭᠰᠡᠯ᠂ ᠴᠢᠨᠳᠠᠷ ᠢ ᠡᠨᠡ ᠤᠳᠠᠭ᠎ᠠ ᠪᠠᠶᠢᠴᠠᠭᠠᠨ ᠭᠠᠷᠭᠠᠪᠠ᠃□    11. ᠭᠡᠷ ᠪᠦᠯᠢ ᠶᠢᠨ ᠴᠢᠨᠳᠠᠷ ᠢ ᠲᠥᠪᠯᠡᠷᠡᠭᠦᠯᠦᠨ ᠬᠠᠳᠠᠭᠠᠯᠠᠬᠤ ᠬᠡᠯᠪᠡᠷᠢ ᠪᠠᠷ ᠪᠦᠬᠦᠯᠢ ᠥᠷᠥᠭᠡ ᠪᠠᠷ ᠨᠢ  ᠬᠤᠳᠠᠯᠳᠤᠬᠤ ︵ᠲᠦᠷᠢᠶᠡᠰᠦᠯᠡᠬᠦ︶ ᠦᠭᠡᠢ᠂ ᠬᠤᠳᠠᠯᠳᠤᠬᠤ ︵ᠲᠦᠷᠢᠶᠡᠰᠦᠯᠡᠬᠦ︶ ᠲᠠᠰᠤᠯᠭ᠎ᠠ ᠬᠡᠳᠦᠨ ᠲᠠᠰᠤᠯᠭ᠎ᠠ︔ ᠴᠢᠨᠳᠠᠷ ᠲᠠᠯᠪᠢᠬᠤ ᠲᠤᠭ᠎ᠠ︔ ᠬᠤᠳᠠᠯᠳᠤᠭᠰᠠᠨ ︵ᠲᠦᠷᠢᠶᠡᠰᠦᠯᠡᠭᠰᠡᠨ︶ ᠮᠥᠩᠭᠦ ᠳᠤ ᠬᠤᠯᠪᠣᠭᠳᠠᠬᠤ ᠶᠡᠷᠦᠩᠬᠡᠶ ᠲᠣᠭᠠᠨ ᠤ ᠲᠥᠭᠦᠷᠢᠭ□    12. ᠲᠥᠬᠦᠭᠡᠷᠦᠮᠵᠢ ᠳᠣᠲᠣᠷ᠎ᠠ ᠲᠣᠮᠣ ᠬᠡᠯᠪᠡᠷᠢ ᠶᠢᠨ ᠵᠠᠳᠠᠭᠠᠶ ᠱᠠᠰᠢᠨ ᠤ ᠬᠦᠷᠦᠭ ᠪᠠᠶᠢᠭᠤᠯᠤᠭᠰᠠᠨ ᠦᠭᠡᠢ□    13. ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ ᠪᠠᠶᠢᠤᠪᠠᠯ‌‍ᠲ᠋ᠣᠳᠣᠷᠬᠠᠶᠢᠯᠠᠬᠤ ᠪᠣᠯᠪᠠᠤ᠄□    ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠵᠤ ᠡᠵᠡᠩᠨᠡᠬᠦ□                 ᠲᠤᠰᠬᠠᠶ ᠵᠦᠢᠯ ᠤᠨ ᠪᠠᠶᠢᠳᠠᠯ ᠢ ᠪᠠᠶᠢᠴᠠᠭᠠᠨ ᠵᠢᠭᠰᠠᠭᠠᠬᠤ ᠬᠠᠭᠤᠳᠠᠰᠤ︵ᠰᠢᠶᠠᠩ ᠤᠨ ᠱᠠᠲᠤ ᠲᠠᠭᠯᠠᠨ᠎ᠠ︶    ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠬᠢᠨᠠᠨ ᠬᠠᠷᠭᠤᠭᠤᠯᠤᠭᠠᠳ᠂ ᠮᠣᠵᠢ ︵ᠣᠷᠣᠨ᠂ ᠬᠤᠲᠠ︶ ᠶᠢᠨ ᠮᠣᠵᠢ ᠬᠤᠲᠠ ︵ᠲᠤᠰᠬᠠᠶ ᠣᠷᠣᠨ᠂ ᠵᠧᠤ᠂ ᠠᠶᠢᠮᠠᠭ︶ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠨᠢ ᠣᠷᠣᠰᠢᠭᠤᠯᠭ᠎ᠠ ︵ᠲᠠᠯᠪᠢᠬᠤ︶ ᠶᠢᠨ ᠪᠡᠯᠡᠳᠬᠡᠮᠵᠢ ᠶᠢ ᠨᠢᠭᠡᠨᠲᠡ ᠵᠢᠭᠰᠠᠭᠠᠨ ᠪᠠᠶᠢᠴᠠᠭᠠᠵᠤ᠂ ᠪᠡᠯᠡᠳᠬᠡᠮᠵᠢ ᠶᠢ ᠣᠷᠬᠢᠭᠳᠠᠭᠤᠯᠤᠭᠰᠠᠨ ᠦᠭᠡᠶ ᠶᠢ ᠨᠤᠳᠠᠯᠠᠪᠠ᠃ ᠲᠠᠭᠯᠠᠨ ᠪᠢᠴᠢᠭᠰᠡᠨ ᠠᠭᠤᠯᠭ᠎ᠠ ᠨᠢ ᠦᠨᠡᠨ ᠪᠣᠳᠠᠲᠠᠶ ᠣᠨᠣᠪᠴᠢᠲᠠᠶ᠃                                 ᠭᠤᠣᠯ ᠬᠠᠷᠢᠭᠤᠴᠠᠯᠭᠠᠲᠠᠨ᠄                                 ᠠᠯᠪᠠᠨ ᠲᠠᠮᠠᠭ᠎ᠠ᠄                                 ᠣᠨ ᠰᠠᠷ᠎ᠠ ᠡᠳᠦᠷ    ᠲᠠᠶᠢᠯᠪᠤᠷᠢ᠄    1. ᠬᠡᠷᠪᠡ ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠡᠲᠡᠭᠡᠳ ᠲᠤ ᠬᠠᠷᠢᠶᠠᠯᠠᠭᠳᠠᠬᠤ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠥᠬᠡᠶ ᠪᠣᠯ᠂ ︽0︾ ᠢ ᠲᠠᠭᠯᠠᠵᠤ ᠪᠣᠯᠤᠨ᠎ᠠ᠃    2. ᠲᠣᠰ ᠨᠤᠲᠠᠯᠠᠭᠰᠠᠨ ᠬᠠᠭᠤᠳᠠᠰᠤ ᠳᠤ ᠵᠢᠭᠠᠵᠤ ᠪᠠᠶᠢᠭ᠎ᠠ ᠭᠤᠤᠯ ᠬᠠᠷᠢᠭᠤᠴᠠᠯᠭᠠᠲᠠᠨ ︵ᠠᠯᠪᠠᠨ ᠲᠠᠮᠠᠭ᠎ᠠ︶ ᠭᠡᠳᠡᠭ ᠨᠢ ᠰᠢᠶᠠᠩ ᠪᠠᠯᠭᠠᠰᠤ ᠶᠢᠨ ᠳᠠᠷᠤᠭ᠎ᠠ ︵ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠳᠠᠷᠤᠨ᠎ᠠ︶ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠲᠠᠮᠠᠭ᠎ᠠ ᠶᠢ ᠳᠠᠷᠤᠨ᠎ᠠ︶ ᠶᠢ ᠵᠢᠭᠠᠵᠤ ᠪᠣᠶ᠃                ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠶᠢ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠵᠤ ᠡᠵᠡᠩᠨᠡᠬᠦ ᠲᠤᠰᠬᠠᠶ ᠵᠦᠢᠯ ᠤᠨ ᠪᠠᠶᠢᠳᠠᠯ ᠢ ᠪᠠᠢᠴᠠᠭᠠᠨ ᠵᠢᠭᠰᠠᠭᠠᠬᠤ ᠬᠠᠭᠤᠳᠠᠰᠤ︵ᠭᠠᠴᠠᠭᠠᠨ ᠤ ᠱᠠᠲᠤᠨ ᠠᠴᠠ ᠲᠠᠭᠯᠠᠨ᠎ᠠ︶    ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠬᠢᠨᠠᠨ ᠬᠠᠷᠭᠤᠭᠤᠯᠤᠭᠠᠳ᠂ ᠮᠣᠵᠢ ︵ᠣᠷᠣᠨ᠂ ᠬᠤᠲᠠ︶ ᠶᠢᠨ ᠮᠣᠵᠢ ᠬᠤᠲᠠ ︵ᠲᠤᠰᠬᠠᠶ ᠣᠷᠣᠨ᠂ ᠵᠧᠤ᠂ ᠠᠶᠢᠮᠠᠭ︶ ᠰᠢᠶᠠᠩ ︵ᠪᠠᠯᠭᠠᠰᠤ᠂ ᠵᠡᠭᠡᠯᠢ ᠭᠤᠳᠤᠮᠵᠢ︶ ᠲᠣᠰᠬᠤᠨ ︵ᠰᠠᠭᠤᠭᠠᠯᠢ ᠠᠷᠠᠳ︶ ᠤ ᠵᠥᠪᠯᠡᠯ ᠨᠢ ᠣᠷᠣᠰᠢᠭᠤᠯᠭ᠎ᠠ ︵ᠲᠠᠯᠪᠢᠬᠤ︶ ᠪᠡᠯᠡᠳᠭᠡᠮᠵᠢ ᠶᠢ ᠨᠢᠭᠡᠨᠲᠡ ᠵᠢᠭᠰᠠᠭᠠᠨ ᠪᠠᠶᠢᠴᠠᠭᠠᠵᠤ᠂ ᠪᠡᠯᠡᠳᠬᠡᠮᠵᠢ ᠶᠢ ᠣᠷᠬᠢᠭᠳᠠᠭᠤᠯᠤᠭᠰᠠᠨ ᠦᠭᠡᠶ ᠶᠢ ᠨᠤᠲᠠᠯᠠᠪᠠ᠃ ᠲᠠᠭᠯᠠᠨ ᠪᠢᠴᠢᠭᠰᠡᠨ ᠠᠭᠤᠯᠭ᠎ᠠ ᠨᠢ ᠦᠨᠡᠨ ᠪᠣᠳᠠᠲᠠᠶ ᠣᠨᠣᠪᠴᠢᠲᠠᠶ᠃                           ᠭᠤᠣᠯ ᠬᠠᠷᠢᠭᠤᠴᠠᠯᠭᠠᠲᠠᠨ᠄                           ᠠᠯᠪᠠᠨ ᠲᠠᠮᠠᠭ᠎ᠠ᠄                           ᠣᠨ ᠰᠠᠷ᠎ᠠ ᠡᠳᠦᠷ    ᠲᠠᠶᠢᠯᠪᠤᠷᠢ᠄   1. ᠬᠡᠷᠪᠡ ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠡᠲᠡᠭᠡᠳ ᠲᠤ ᠬᠠᠷᠢᠶᠠᠯᠠᠭᠳᠠᠬᠤ ᠣᠷᠣᠰᠢᠭᠤᠯᠬᠤ ︵ᠲᠠᠯᠪᠢᠬᠤ︶ ᠪᠡᠯᠡᠳᠬᠡᠮᠵᠢ ᠥᠬᠡᠶ ᠪᠣᠯ᠂ ︽0︾ ᠢ ᠲᠠᠭᠯᠠᠵᠤ ᠪᠣᠯᠤᠨ᠎ᠠ᠃   2. ᠲᠤᠰ ᠨᠤᠲᠠᠯᠠᠬᠤ ᠬᠠᠭᠤᠳᠠᠰᠤᠨ ᠳᠤ ᠬᠡᠯᠡᠵᠦ ᠪᠠᠶᠢᠭ᠎ᠠ ᠭᠤᠣᠯ ᠬᠠᠷᠢᠭᠤᠴᠠᠯᠭᠠᠲᠠᠨ ︵ᠠᠯᠪᠠᠨ ᠲᠠᠮᠠᠭ᠎ᠠ︶ ᠭᠡᠳᠡᠭ ᠨᠢ ᠭᠠᠴᠠᠭᠠᠨ ᠤ ︵ᠰᠠᠭᠤᠭᠠᠯᠢ ᠠᠷᠠᠳ︶ ᠤᠨ ᠵᠥᠪᠯᠡᠯ ᠤᠨ ᠡᠷᠬᠢᠯᠡᠭᠴᠢ ︵ᠭᠠᠴᠠᠭᠠᠨ ᠤ ᠠᠷᠠᠳ ᠤᠨ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ ᠤᠨ ᠠᠯᠪᠠᠨ ᠲᠠᠮᠠᠭ᠎ᠠ ᠶᠢ ᠳᠠᠷᠤᠬᠤ︶ ᠶᠢ ᠵᠢᠭᠠᠵᠤ ᠪᠠᠶᠢᠨ᠎ᠠ᠃    ᠲᠠᠭᠯᠠᠬᠤ ᠲᠣᠳᠣᠷᠬᠠᠢᠯᠠᠯᠲᠠ    1. ᠪᠠᠶᠢᠭᠤᠯᠤᠮᠵᠢ ᠶᠢᠨ ᠨᠡᠷᠡᠶᠢᠳᠦᠯ᠄ ᠪᠠᠶᠢᠭᠤᠯᠤᠮᠵᠢ ᠶᠢᠨ ᠨᠡᠷᠡᠶᠢᠳᠦᠯ ᠦᠭᠡᠢ ᠪᠣᠯ ᠲᠠᠭᠯᠠᠨ ᠪᠢᠴᠢᠬᠦ ᠦᠭᠡᠢ᠃    2. ᠲᠥᠬᠦᠭᠡᠷᠦᠮᠵᠢ ᠶᠢᠨ ᠨᠡᠷᠡᠶᠢᠳᠦᠯ᠄ ᠣᠳᠣ ᠪᠠᠶᠢᠭ᠎ᠠ ︵ᠬᠤᠲᠠ ᠬᠥᠳᠡᠭᠡ᠂ ᠡᠵᠡᠩᠨᠡᠯᠲᠡ ᠶᠢᠨ ᠴᠢᠨᠠᠷᠲᠠᠶ ᠪᠤᠶᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠬᠢᠨᠠᠨ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠬᠦ ᠦᠭᠡᠢ᠂ ᠬᠡᠷᠡᠭᠯᠡᠬᠦ ᠪᠤᠶᠤ ᠬᠡᠷᠡᠭᠯᠡᠬᠦ ᠪᠠᠨ ᠵᠣᠭᠰᠣᠬᠤ ᠵᠡᠷᠭᠡ︶ ᠪᠣᠢ ᠪᠦᠬᠦᠢ ᠣᠷᠣᠰᠢᠭᠤᠯᠭ᠎ᠠ ︵ᠲᠠᠯᠪᠢᠬᠤ︶ ᠪᠡᠯᠡᠳᠬᠡᠮᠵᠢ ᠶᠢᠨ ᠨᠡᠷᠡᠶᠢᠳᠦᠯ ᠢ ᠲᠠᠭᠯᠠᠨ᠎ᠠ᠃ ᠭᠡᠪᠡᠴᠦ ᠬᠤᠲᠣᠩ ᠠᠷᠠᠳ ᠤᠨ ᠨᠡᠶᠢᠲᠡ ᠶᠢᠨ ᠣᠩᠭᠤᠨ᠂ ᠰᠦᠮ᠎ᠡ ᠬᠡᠶᠢᠳ ᠤᠨ ᠴᠢᠨᠳᠠᠷ ᠬᠠᠳᠠᠭᠠᠯᠠᠬᠤ ᠲᠥᠬᠦᠭᠡᠷᠦᠮᠵᠢ᠂ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠪᠠᠭᠲᠠᠬᠤ ᠥᠬᠡᠶ᠃    3. ᠨᠠᠷᠢᠨ ᠬᠠᠶ᠋ᠢᠭ᠄ ᠪᠣᠳᠠᠲᠠᠢ ᠡᠭᠦᠳᠡᠨ ᠨᠣᠮᠧᠷ ᠲᠤ ᠬᠦᠷᠬᠦ ᠬᠡᠷᠡᠭᠲᠡᠢ᠂ ᠬᠡᠳᠦᠢ ᠨᠠᠷᠢᠯᠢᠭ ᠪᠣᠯ ᠲᠡᠳᠦᠢ ᠰᠠᠶᠢᠨ    4. ᠪᠡᠯᠡᠳᠬᠡᠮᠵᠢ ᠶᠢᠨ ᠲᠥᠷᠥᠯ ᠵᠦᠢᠯ᠄ ᠬᠤᠲᠠ ᠪᠠᠯᠭᠠᠰᠤ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠪᠤᠶᠤ ᠴᠢᠨᠳᠠᠷ ᠤᠨ ᠲᠢᠩᠬᠢᠮ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠪᠤᠶᠤ ᠴᠢᠨᠳᠠᠷ ᠤᠨ ᠲᠢᠩᠬᠢᠮ᠂ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠤ ᠭᠠᠵᠠᠷ ︵ᠨᠡᠶᠢᠲᠡ ᠶᠢᠨ ᠣᠩᠭᠤᠨ᠂ ᠴᠢᠨᠳᠠᠷ ᠤᠨ ᠲᠠᠩᠬᠢᠮ ᠪᠠᠭᠲᠠᠨ᠎ᠠ︶ ᠵᠡᠷᠭᠡ ᠪᠠᠭᠲᠠᠨ᠎ᠠ᠃    5. ᠭᠠᠵᠠᠷ ᠡᠵᠡᠯᠡᠬᠦ ᠬᠢᠭᠡᠳ ᠪᠠᠷᠢᠯᠭ᠎ᠠ ᠶᠢᠨ ᠲᠠᠯᠠᠪᠠᠢ᠄ ᠪᠦᠬᠦ᠋ᠢᠯᠡ ᠪᠡᠯᠡᠳᠬᠡᠮᠵᠢ ᠶᠢᠨ ᠡᠵᠡᠯᠡᠬᠦ ᠲᠠᠯᠠᠪᠠᠢ ᠶᠢ ᠲᠠᠭᠯᠠᠨ ᠪᠢᠴᠢᠭᠰᠡᠨ᠂ ᠣᠷᠣᠰᠢᠭᠤᠯᠬᠤ ︵ᠲᠠᠯᠪᠢᠬᠤ︶ ᠴᠢᠳᠠᠮᠵᠢ ᠲᠠᠢ ᠪᠠᠷᠢᠯᠭ᠎ᠠ ᠶᠢᠨ ᠲᠠᠯᠠᠪᠠᠢ᠃    6. ᠭᠠᠵᠠᠷ ᠡᠵᠡᠯᠡᠬᠦ ᠲᠥᠷᠥᠯ ᠵᠦᠢᠯ᠄ ᠲᠠᠷᠢᠶᠠᠯᠠᠩ ᠳᠤ ᠬᠡᠷᠡᠭᠯᠡᠬᠦ ᠭᠠᠵᠠᠷ ︵ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ  ᠦᠷᠡᠵᠢᠭᠦᠯᠬᠦ ᠤᠰᠤᠨ ᠤ ᠭᠠᠳᠠᠷᠭᠤ ᠵᠡᠷᠭᠡ︶᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ︵ᠬᠤᠲᠠ ᠬᠥᠳᠡᠭᠡ ᠶᠢᠨ ᠤᠷᠤᠨ ᠰᠠᠭᠤᠴᠠ ᠪᠠ ᠣᠯᠠᠨ ᠨᠡᠶᠢᠲᠡ ᠶᠢᠨ ᠪᠡᠯᠡᠳᠬᠡᠮᠵᠢ ᠳᠤ ᠬᠡᠷᠡᠭᠯᠡᠬᠦ ᠭᠠᠵᠠᠷ᠂ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠶᠢᠨ ᠪᠡᠯᠡᠳᠬᠡᠮᠵᠢ ᠳᠤ ᠬᠡᠷᠡᠭᠯᠡᠬᠦ ᠭᠠᠵᠠᠷ᠂ ᠵᠢᠭᠤᠯᠴᠢᠯᠠᠯ ᠳᠤ ᠬᠡᠷᠡᠭᠯᠡᠬᠦ ᠭᠠᠵᠠᠷ᠂ ᠴᠡᠷᠢᠭ ᠤᠨ ᠪᠡᠯᠡᠳᠬᠡᠮᠵᠢ ᠶᠢᠨ ᠬᠡᠷᠡᠭᠯᠡᠬᠦ ᠭᠠᠵᠠᠷ ᠵᠡᠷᠭᠡ︶᠂ ᠠᠰᠢᠭᠯᠠᠭᠠᠳᠤᠶ ᠭᠠᠵᠠᠷ ᠪᠤᠶᠤ ᠪᠤᠰᠤᠳ ᠭᠠᠵᠠᠷ ᠰᠢᠷᠣᠶ ᠪᠠᠭᠲᠠᠨ᠎ᠠ᠃   7. ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ᠄ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ᠂  ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠲᠣᠰᠬᠤᠨ ᠤ ᠬᠠᠮᠲᠤ ᠶᠢᠨ ᠪᠡᠯᠡ ᠣᠷᠣᠭᠤᠯᠤᠯᠲᠠ᠂ ᠨᠡᠶᠢᠭᠡᠮ ᠠᠴᠠ ᠬᠠᠨᠳᠢᠪᠯᠠᠨ ᠬᠦᠷᠭᠡᠬᠦ ᠵᠡᠷᠭᠡ ᠶᠢ ᠪᠠᠭᠲᠠᠭᠠᠭᠰᠠᠨ ᠠᠩᠬ᠎ᠠ ᠡᠷᠬᠢᠯᠡᠭᠰᠡᠨ ᠪᠡᠯᠡ ᠮᠥᠩᠭᠦ ᠶᠢᠨ ᠢᠷᠡᠯᠲᠡ᠃    8. ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠨᠡᠷᠡᠶᠢᠳᠦᠯ ᠬᠢᠭᠡᠳ ᠳ᠋ᠤᠭᠠᠷᠯᠠᠯ᠄ ᠬᠠᠤᠯᠢ ᠶᠣᠰᠣᠴᠢ ᠴᠢᠨᠠᠷ ᠢ ᠭᠡᠷᠡᠴᠢᠯᠡᠵᠦ ᠳᠡᠶᠢᠯᠬᠦ ᠭᠡᠷᠡᠴᠢ ᠦᠨᠡᠮᠯᠡᠯ ᠤᠨ ᠪᠢᠴᠢᠭ ᠮᠠᠲ᠋ᠧᠷᠢᠶᠠᠯ ᠤᠨ ᠨᠡᠷᠡᠶᠢᠳᠦᠯ᠂ ᠵᠢᠱᠢᠶᠡᠯᠡᠪᠡᠯ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠠᠷᠠᠳ ᠤᠨ ᠶᠠᠪᠤᠳᠠᠯ ᠤᠨ ᠬᠢᠨᠠᠨ ᠣᠯᠭᠤᠭᠰᠠᠨ ᠡᠵᠡᠩᠨᠡᠯᠲᠡ ᠶᠢᠨ ᠵᠥᠪᠰᠢᠶᠡᠷᠡᠯ ᠪᠤᠶᠤ ᠴᠣᠬᠤᠯᠠᠪᠤᠷᠢ᠂ ᠵᠠᠰᠠᠭ ᠤᠨ ᠣᠷᠳᠣᠨ ᠤ ᠬᠢᠵᠦ ᠥᠭᠭᠦᠭᠰᠡᠨ ᠴᠣᠬᠤᠯᠠᠪᠤᠷᠢᠯᠠᠭᠰᠠᠨ ᠵᠡᠷᠭᠡ ᠪᠢᠴᠢᠭ ᠮᠠᠲ᠋ᠧᠷᠢᠶᠠᠯ ᠤᠨ ᠨᠡᠷᠡᠶᠢᠳᠦᠯ ᠬᠢᠭᠡᠳ ᠳ᠋ᠤᠭᠠᠷᠯᠠᠯ᠃    9. ᠠᠰᠢᠭᠯᠠᠯᠲᠠ ᠳᠤ ᠣᠷᠣᠭᠤᠯᠬᠤ ᠴᠠᠭ ᠬᠤᠭᠤᠴᠠᠭ᠎ᠠ ᠨᠢ᠄ ᠤᠨ᠂ ᠰᠠᠷ᠎ᠠ ᠬᠦᠷᠲᠡᠯ᠎ᠡ ᠪᠣᠳᠠᠲᠠᠶ ᠪᠠᠶᠢᠬᠤ ᠬᠡᠷᠡᠭᠲᠡᠶ᠃    10. ᠬᠠᠮᠢᠶᠠᠷᠴᠤ ᠡᠵᠡᠩᠨᠡᠬᠦ ᠪᠡᠶᠡᠴᠢ ᠴᠣᠭᠴᠠ ᠶᠢᠨ ᠲᠥᠷᠥᠯ ᠬᠡᠯᠪᠡᠷᠢ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ︵ᠰᠠᠭᠤᠭᠠᠯᠢ ᠠᠷᠠᠳ ᠤᠨ ᠵᠥᠪᠯᠡᠯ︶᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠺᠣᠳ᠋ ᠲᠠᠢ ᠪᠠᠶᠢᠪᠠᠯ ᠲᠠᠭᠯᠠᠨ᠎ᠠ᠃    11. ᠰᠦᠢᠳᠭᠡᠯ ᠬᠤᠷᠢᠶᠠᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠥᠷᠥᠯ ᠬᠡᠯᠪᠡᠷᠢ᠄ ᠣᠩᠭᠤᠨ ᠤ ᠪᠠᠶᠢᠷᠢ ︵ᠬᠤᠷᠢᠶ᠎ᠠ︶ ᠰᠦᠢᠳᠭᠡᠯ ᠬᠤᠷᠢᠶᠠᠬᠤ ᠥᠬᠡᠶ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠪᠠ ᠵᠢᠯᠣᠭᠤᠳᠬᠤ ᠦᠨ᠎ᠡ᠂ ᠥᠪᠡᠰᠦᠪᠡᠨ ᠦᠨ᠎ᠡ ᠲᠣᠭᠲᠠᠭᠠᠬᠤ ᠵᠡᠷᠭᠡ ᠶᠢ ᠵᠢᠭᠠᠵᠤ ᠪᠣᠶ᠃    12. ᠣᠷᠣᠰᠢᠭᠤᠯᠬᠤ ︵ᠲᠠᠯᠪᠢᠬᠤ︶ ᠲᠤᠭ᠎ᠠ ᠬᠡᠮᠵᠢᠶ᠎ᠡ᠄ ᠣᠷᠣᠨ ᠪᠠᠶᠢᠷᠢ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠤᠭ᠎ᠠ ᠪᠣᠯᠤᠨ ᠨᠢᠭᠡᠨᠲᠡ ᠬᠡᠷᠡᠭᠯᠡᠭᠰᠡᠨ ᠲᠤᠭ᠎ᠠ᠂ ᠪᠤᠯᠠᠰᠢᠨ ᠭᠠᠵᠠᠷ ᠤᠨ ᠲᠥᠯᠥᠪᠵᠢᠭᠦᠯᠭᠡ ᠶᠢᠨ ᠵᠢᠷᠤᠭ ᠲᠦᠯᠦᠪᠯᠡᠭᠡ ᠶᠢᠨ ᠲᠤᠭ᠎ᠠ ᠪᠣᠯᠤᠨ ᠨᠢᠭᠡᠨᠲᠡ ᠬᠡᠷᠡᠭᠯᠡᠭᠰᠡᠨ ᠲᠤᠭ᠎ᠠ ᠪᠠᠭᠲᠠᠨ᠎ᠠ᠃    13. ᠲᠣᠭᠲᠠᠭᠠᠯ ᠠᠴᠠ ᠵᠥᠷᠢᠴᠡᠭᠰᠡᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠢᠯᠡᠷᠡᠭᠦᠯᠬᠦ ᠬᠡᠯᠪᠡᠷᠢ᠄ ᠲᠣᠰ ᠮᠡᠳᠡᠭᠳᠡᠯ ᠤᠨ ᠭᠤᠤᠯᠳᠠᠯᠭ᠎ᠠ ᠲᠠᠢ ᠪᠠᠶᠢᠴᠠᠭᠠᠨ ᠵᠢᠭᠰᠠᠭᠠᠬᠤ ᠠᠭᠤᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ 10 ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠲᠠᠢ ᠬᠠᠷᠭᠤᠭᠤᠯᠤᠨ ᠭᠤᠤᠯᠳᠠᠯᠭ᠎ᠠ ᠲᠠᠢ ᠪᠠᠶᠢᠴᠠᠭᠠᠨ ᠵᠢᠭᠰᠠᠭᠠᠬᠤ ᠠᠰᠠᠭᠤᠳᠠᠯ᠂ ᠭᠤᠣᠯᠳᠠᠭᠤ ᠬᠢᠨᠠᠨ ᠵᠥᠪᠰᠢᠶᠡᠷᠡᠭᠦᠯᠦᠭᠰᠡᠨ ᠦᠭᠡᠢ ᠪᠤᠶᠤ ᠬᠢᠨᠠᠨ ᠵᠥᠪᠰᠢᠶᠡᠷᠡᠭᠰᠡᠨ ᠭᠠᠷ ᠭᠦᠢᠴᠡᠳᠬᠡᠯ ᠨᠢ ᠪᠦᠷᠢᠨ ᠪᠤᠰᠤ ᠪᠠᠶᠢᠬᠤ ᠡᠰᠡᠬᠦ ᠶᠢ ᠪᠠᠭᠲᠠᠭᠠᠨ᠎ᠠ᠂ ᠬᠠᠤᠯᠢ ᠶᠣᠰᠣᠭᠠᠷ ᠭᠠᠵᠠᠷ ᠬᠡᠷᠡᠭᠯᠡᠬᠦ ᠭᠠᠷᠳᠠᠮ ᠭᠦᠢᠴᠡᠳᠬᠡᠭᠰᠡᠨ ᠡᠰᠡᠬᠦ᠂ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠳᠤ ᠳᠤᠷ᠎ᠠ ᠪᠠᠷ ᠢᠶᠠᠨ ᠵᠠᠰᠠᠪᠤᠷᠢ ᠣᠷᠣᠭᠤᠯᠤᠭᠰᠠᠨ ᠡᠰᠡᠬᠦ᠂ ᠲᠣᠭᠲᠠᠭᠠᠯ ᠠᠴᠠ ᠵᠥᠷᠢᠴᠡᠨ ᠰᠢᠯᠭᠠᠨ ᠠᠪᠤᠭᠰᠠᠨ ᠡᠰᠡᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠢ ᠶᠢ ᠳᠤᠷ᠎ᠠ ᠪᠠᠷ ᠢᠶᠠᠨ ᠥᠷᠭᠡᠳᠬᠡᠭᠰᠡᠨ ᠡᠰᠡᠬᠦ ᠵᠢᠴᠢ ᠬᠡᠪᠴᠢᠶ᠎ᠡ ᠶᠢ ᠨᠢ ᠥᠷᠭᠡᠳᠬᠡᠭᠰᠡᠨ ᠡᠰᠡᠬᠦ᠂ ᠬᠢᠨᠠᠨ ᠲᠣᠭᠲᠠᠭᠠᠭᠰᠠᠨ ᠦᠨ᠎ᠡ ᠬᠠᠩᠰᠢ ᠪᠠᠷ ᠪᠠᠷᠢᠮᠵᠢᠶ᠎ᠠ ᠠᠴᠠ ᠬᠡᠲᠦᠷᠡᠭᠰᠡᠨ ᠰᠦᠢᠳᠬᠡᠯ ᠬᠤᠷᠢᠶᠠᠭᠰᠠᠨ ᠦᠭᠡᠢ᠂ ᠲᠣᠭᠲᠠᠭᠠᠯ ᠠᠴᠠ ᠵᠥᠷᠢᠴᠡᠨ ᠲᠠᠯᠠᠪᠠᠢ ᠠᠴᠠ ᠬᠡᠲᠦᠷᠡᠭᠰᠡᠨ ᠣᠩᠭᠤᠨ ᠤ ᠪᠠᠶᠢᠷᠢ ᠵᠢᠴᠢ ᠲᠠᠯᠠᠪᠠᠢ ᠠᠴᠠ ᠬᠡᠲᠦᠷᠡᠭᠰᠡᠨ ᠤᠩᠭᠤᠨ ᠤ ᠪᠠᠶᠢᠷᠢ ᠶᠢᠨ ᠲᠤᠭ᠎ᠠ ᠪᠠᠶᠢᠬᠤ ᠡᠰᠡᠬᠦ᠂ ᠭᠠᠯ ᠢᠶᠠᠷ ᠳᠡᠭᠳᠡᠭᠡᠬᠦ ᠦᠭᠡᠢ ᠭᠡᠷᠡᠴᠢ ᠪᠤᠶᠤ ᠦᠬᠦᠭᠰᠡᠨ ᠭᠡᠷᠡᠴᠢ ᠳᠤ ᠲᠦᠰᠢᠭᠯᠡᠨ ᠤᠷᠢᠳᠴᠢᠯᠠᠨ ᠬᠤᠳᠠᠯᠳᠤᠬᠤ ︵ᠲᠦᠷᠢᠶᠡᠰᠦᠯᠡᠬᠦ︶ ᠣᠩᠭᠤᠨ ᠤ ᠪᠠᠶᠢᠷᠢ ︵ᠣᠷᠣᠨ ᠪᠠᠶᠢᠷᠢ︶ ᠪᠠᠶᠢᠬᠤ ᠦᠭᠡᠢ᠃ ᠭᠡᠷ ᠪᠦᠯᠢ ᠶᠢᠨ ᠲᠥᠪᠯᠡᠷᠡᠭᠦᠯᠦᠨ ᠴᠢᠨᠳᠠᠷ ᠬᠠᠳᠠᠭᠠᠯᠠᠬᠤ ᠲᠠᠰᠤᠯᠭ᠎ᠠ ᠶᠢᠨ ᠬᠡᠯᠪᠡᠷᠢ ᠪᠠᠷ ᠪᠦᠬᠦᠯᠢ ᠥᠷᠥᠭᠡ ᠪᠠᠷ ᠬᠤᠳᠠᠯᠳᠤᠬᠤ ︵ᠲᠦᠷᠢᠶᠡᠰᠦᠯᠡᠬᠦ︶ ᠵᠢᠴᠢ ᠬᠤᠳᠠᠯᠳᠤᠬᠤ ︵ᠲᠦᠷᠢᠶᠡᠰᠦᠯᠡᠬᠦ︶ ᠶᠢᠨ ᠬᠤᠭᠤᠷᠣᠨᠳᠣᠬᠢ ᠲᠤᠭ᠎ᠠ᠂ ᠶᠠᠰᠤᠨ ᠤ ᠦᠨᠡᠰᠦ ᠲᠠᠯᠪᠢᠬᠤ ᠲᠤᠭ᠎ᠠ᠂ ᠰᠦᠢᠳᠭᠡᠯ ᠬᠤᠷᠢᠶᠠᠬᠤ ᠲᠤᠭ᠎ᠠ ᠵᠡᠷᠭᠡ ᠪᠠᠶᠢᠨ᠎ᠠ᠃ ᠲᠥᠬᠦᠭᠡᠷᠦᠮᠵᠢ ᠶᠢᠨ ᠳᠣᠲᠣᠷ᠎ᠠ ᠲᠣᠮᠣ ᠬᠡᠯᠪᠡᠷᠢ ᠶᠢᠨ ᠵᠠᠳᠠᠭᠠᠶ ᠱᠠᠰᠢᠨ ᠤ ᠬᠥᠷᠥᠭ ᠪᠠᠷᠢᠭᠰᠠᠨ ᠡᠰᠡᠬᠦ᠂ ᠹᠧᠣᠳᠠᠯ ᠤᠨ ᠮᠤᠬᠤᠷ ᠪᠢᠰᠢᠷᠡᠯ ᠤᠨ ᠥᠩᠭᠡ ᠪᠤᠳᠤᠭ ᠲᠠᠢ ᠪᠠᠷᠢᠯᠭ᠎ᠠ ᠶᠢᠨ ᠵᠦᠢᠯ ᠢ ᠪᠠᠶᠢᠭᠤᠯᠤᠭᠰᠠᠨ ᠡᠰᠡᠬᠦ ᠵᠢᠴᠢ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃    14. ᠬᠠᠷᠢᠯᠴᠠᠬᠤ ᠬᠥᠮᠦᠨ ᠪᠠ ᠤᠲᠠᠰᠤ᠄ ᠬᠠᠮᠢᠶᠠᠷᠴᠤ ᠡᠵᠡᠩᠨᠡᠬᠦ ᠬᠠᠷᠢᠭᠤᠴᠠᠯᠭᠠᠲᠠᠨ ᠤ ᠣᠪᠣᠭ ᠨᠡᠷ᠎ᠡ ᠪᠠ ᠤᠲᠠᠰᠤ ᠶᠢ ᠲᠠᠭᠯᠠᠨ᠎ᠠ᠃    15. ᠵᠡᠭᠦᠯᠲᠡ᠄ ᠲᠥᠬᠦᠭᠡᠷᠦᠮᠵᠢ ᠨᠢᠭᠡᠨᠲᠡ ᠬᠡᠷᠡᠭᠯᠡᠬᠦ ᠪᠠᠨ ᠵᠣᠭᠰᠣᠭᠰᠠᠨ ᠪᠤᠶᠤ ᠪᠤᠰᠤᠳ ᠲᠣᠳᠣᠷᠬᠠᠶᠢᠯᠠᠬᠤ  ᠴᠢᠬᠤᠯᠠᠳᠠᠢ ᠪᠠᠶᠢᠳᠠᠯ ᠢ ᠵᠡᠭᠦᠯᠲᠡ ᠶᠢᠨ ᠬᠦᠰᠦᠨᠦᠭ ᠲᠤ ᠲᠠᠭᠯᠠᠵᠤ ᠪᠣᠯᠤᠨ᠎ᠠ᠃    16. ᠲᠣᠰ ᠪᠦᠷᠢᠳᠬᠡᠯ ᠤᠨ ᠬᠦᠰᠦᠨᠦᠭᠲᠦ ᠶᠢᠨ ᠮᠡᠳᠡᠭᠡ ᠵᠠᠩᠭᠢ ᠶᠢ ᠠᠷᠠᠳ ᠤᠨ ᠶᠠᠪᠤᠳᠠᠯ ᠤᠨ ᠣᠷᠣᠰᠢᠭᠤᠯᠭ᠎ᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠰᠢᠭᠤᠳ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ ᠳᠡᠭᠡᠭᠰᠢ ᠮᠡᠳᠡᠭᠦᠯᠵᠦ᠂ ᠰᠢᠰᠲ᠋ᠧᠮ ᠤᠨ ᠲᠤᠷᠰᠢᠨ ᠬᠡᠮᠵᠢᠬᠦ ᠴᠠᠭ ᠬᠤᠭᠤᠴᠠᠭ᠎ᠠ ᠬᠢᠭᠡᠳ ᠮᠡᠳᠡᠭᠦᠯᠦᠨ ᠬᠦᠷᠭᠡᠬᠦ ᠵᠢᠷᠤᠮᠵᠢᠯ ᠵᠡᠷᠭᠡ ᠶᠢ ᠠᠰ ᠲᠤᠨᠢ ᠮᠡᠳᠡᠭᠳᠡᠨ᠎ᠡ᠃    ᠳᠠᠭᠠᠯᠳᠤᠭᠤᠯᠤᠯ 3    ᠬᠠᠤᠯᠢ ᠶᠣᠰᠣᠭᠠᠷ ᠪᠠᠶᠢᠴᠠᠭᠠᠵᠤ ᠳᠠᠬᠢᠨ ᠬᠢᠨᠠᠵᠤ ᠣᠯᠠᠨ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠬᠠᠤᠯᠢ ᠠᠴᠠ ᠵᠥᠷᠢᠴᠡᠬᠦ ᠶᠢ ᠴᠡᠭᠴᠡᠯᠡᠨ ᠵᠠᠰᠠᠨ᠎ᠠ᠃    ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ    1. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡᠳᠦᠯᠳᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠬᠡᠷᠡᠭᠵᠢᠭᠦᠯᠬᠦ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃    2. ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢ ᠲᠣᠭᠲᠠᠭᠠᠭᠰᠠᠨ ᠪᠠᠶᠢᠳᠠᠯ ᠢ ᠪᠠᠶᠢᠴᠠᠭᠠᠵᠤ ᠳᠠᠬᠢᠨ ᠬᠢᠨᠠᠬᠤ ᠬᠡᠷᠡᠭᠲᠡᠶ᠃    3. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠪᠠᠶᠢᠴᠠᠭᠠᠵᠤ ᠳᠠᠬᠢᠨ ᠬᠢᠨᠠᠵᠤ ᠴᠡᠭᠴᠡᠯᠡᠨ ᠵᠠᠰᠠᠬᠤ ᠶᠢ ᠬᠠᠷᠰᠢᠯᠠᠭᠰᠠᠨ᠂ ᠲᠡᠷᠭᠡ ᠬᠥᠰᠬᠡ ᠶᠢᠨ ᠲᠡᠭᠡᠭᠡᠪᠦᠷᠢ ᠶᠢᠨ ᠴᠢᠨᠳᠠᠷ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    4. ᠪᠠᠶᠢᠭᠠᠯᠢ ᠶᠢᠨ ᠡᠬᠢ ᠪᠠᠶᠠᠯᠢᠭ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ  ᠬᠠᠮᠵᠢᠯᠴᠠᠨ ᠪᠠᠶᠢᠴᠠᠭᠠᠵᠤ ᠳᠠᠬᠢᠨ ᠬᠠᠷᠭᠤᠭᠤᠯᠵᠤ᠂ ᠬᠠᠤᠯᠢ ᠠᠴᠠ ᠵᠥᠷᠢᠴᠡᠨ ᠭᠠᠵᠠᠷ ᠡᠵᠡᠯᠡᠭᠰᠡᠨ᠂ ᠴᠢᠨᠳᠠᠷ ᠢ  ᠤᠷᠤᠰᠢᠭᠤᠯᠬᠤ ᠳᠤ ᠬᠡᠷᠡᠭᠯᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠢ ᠪᠠᠶᠢᠭᠤᠯᠬᠤ ᠬᠡᠷᠡᠭᠲᠡᠶ᠃ ᠵᠢᠴᠢ ᠣᠷᠣᠰᠢᠭᠤᠯᠬᠤ ᠪᠡᠯᠡᠳᠬᠡᠮᠵᠢ ᠶᠢ ᠬᠠᠤᠯᠢ ᠠᠴᠠ ᠵᠥᠷᠢᠴᠡᠨ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ ᠵᠡᠷᠭᠡ  ᠪᠠᠶᠢᠳᠠᠯ᠃    5. ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠬᠠᠮᠵᠢᠯᠴᠠᠨ ᠪᠠᠶᠢᠴᠠᠭᠠᠵᠤ ᠳᠠᠬᠢᠨ ᠬᠢᠨᠠᠵᠤ ᠪᠠᠶᠢᠭᠠᠳ ᠠᠮᠢ ᠠᠬᠤᠶ ᠣᠷᠴᠢᠨ ᠲᠣᠭᠤᠷᠢᠨ ᠤ ᠪᠤᠯᠠᠰᠢ ᠶᠢ ᠡᠪᠳᠡᠵᠦ ᠣᠩᠭᠤᠨ ᠪᠠᠶᠢᠭᠤᠯᠤᠭᠰᠠᠨ ᠪᠠᠶᠢᠳᠠᠯ ᠢ ᠴᠡᠭᠴᠡᠯᠡᠨ ᠵᠠᠰᠠᠬᠤ ᠬᠡᠷᠡᠭᠲᠡᠶ᠃    6. ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃    7. ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷᠠᠬᠢ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠵᠤ ᠳᠠᠬᠢᠨ ᠬᠢᠨᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠣᠷᠣᠨ ᠳᠠᠬᠢ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠵᠤ ᠳᠠᠬᠢᠨ ᠬᠢᠨᠠᠨ᠎ᠠ᠃    8. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠬᠠᠤᠯᠢ ᠪᠤᠰᠤ ᠪᠠᠷ ᠠᠰᠢᠭ ᠣᠯᠵᠠᠪᠤᠷᠢ ᠶᠢᠨ ᠴᠢᠨᠠᠷᠲᠠᠶ ᠣᠷᠣᠰᠢᠭᠤᠯᠭ᠎ᠠ ᠶᠢᠨ ᠦᠢᠯᠡᠴᠢᠯᠡᠭᠡ ᠬᠢᠬᠦ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠵᠤ ᠳᠠᠬᠢᠨ ᠬᠢᠨᠠᠬᠤ ᠬᠡᠷᠡᠭᠲᠡᠶ᠃    9. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠣᠷᠣᠰᠢᠭᠤᠯᠭ᠎ᠠ ᠶᠢᠨ ᠬᠦᠷᠢᠶᠡᠨ ᠤ ᠬᠠᠤᠯᠢ ᠠᠴᠠ ᠵᠥᠷᠢᠴᠡᠨ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠣᠷᠣᠰᠢᠭᠤᠯᠭ᠎ᠠ ᠶᠢᠨ ᠠᠵᠢᠯ ᠲᠥᠷᠥᠯ ᠤᠨ ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠵᠡᠷᠭᠡ ᠪᠠᠶᠢᠳᠠᠯ ᠢ ᠪᠠᠶᠢᠴᠠᠭᠠᠵᠤ ᠳᠠᠬᠢᠨ ᠬᠢᠨᠠᠵᠤ  ᠴᠡᠭᠴᠡᠯᠡᠬᠦ ᠬᠡᠷᠡᠭᠲᠡᠶ᠃    10. ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠣᠶ ᠰᠢᠭᠤᠶ ᠶᠢᠨ ᠭᠠᠵᠠᠷ ᠢ ᠡᠪᠳᠡᠵᠦ ᠰᠦᠢᠳᠭᠡᠭᠰᠡᠨ᠂ ᠨᠤᠲᠤᠭ ᠪᠡᠯᠴᠢᠭᠡᠷ ᠤᠨ ᠲᠣᠭᠲᠠᠭᠠᠯ ᠠᠴᠠ ᠵᠥᠷᠢᠴᠡᠨ ᠣᠩᠭᠤᠨ ᠪᠠᠶᠢᠭᠤᠯᠤᠭᠰᠠᠨ ᠪᠠᠶᠢᠳᠠᠯ ᠢ ᠪᠠᠶᠢᠴᠠᠭᠠᠨ ᠳᠠᠬᠢᠨ ᠴᠡᠭᠴᠡᠯᠡᠨ ᠵᠠᠰᠠᠬᠤ ᠬᠡᠷᠡᠭᠲᠡᠶ᠃               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3