ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠪᠠᠳᠠᠨ ᠰᠢᠢᠳᠪᠦᠷᠢᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/18
   12 ᠰᠠᠷ᠎ᠠ ᠶᠢᠨ 15 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ ᠯᠢᠨ ᠤᠯᠤᠰ ᠲᠥᠷᠥ ᠶᠢᠨ ᠵᠦᠪᠯᠡᠯᠭᠡᠨ ᠤ ᠬᠡᠰᠡᠭ ᠭᠡᠰᠢᠭᠦᠳ ᠢ ᠳᠠᠭᠠᠭᠤᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠨᠢᠭᠡᠴᠡ ᠳᠤ ᠭᠦᠨᠵᠡᠭᠡᠶᠢᠷᠡᠨ ᠳᠤᠮᠳᠠᠳᠤ ᠪᠠᠭ᠎ᠠ ᠰᠤᠷᠭᠠᠭᠤᠯᠢ ᠶᠢᠨ ᠬᠠᠤᠯᠢ ᠳᠦᠷᠢᠮ ᠤᠨ ᠬᠥᠮᠦᠵᠢᠯ᠂ ᠰᠤᠷᠤᠭᠴᠢᠳ ᠤᠨ ᠰᠡᠳᠬᠢᠴᠡ‌‍ᠶᠢᠨ ᠡᠷᠡᠭᠦᠯ ᠮᠡᠨᠳᠦ ᠶᠢᠨ ᠬᠥᠮᠦᠵᠢᠯ ᠪᠠ ᠤᠷᠠᠨ ᠪᠢᠴᠢᠯᠭᠡ ᠶᠢᠨ ᠣᠨᠴᠠᠯᠢᠭ ᠲᠠᠢ ᠰᠤᠷᠭᠠᠨ ᠬᠥᠮᠦᠵᠢᠯ ᠵᠡᠷᠭᠡ ᠭᠤᠤᠯᠳᠠᠯᠭ᠎ᠠ ᠲᠠᠢ ᠰᠠᠨᠠᠯ ᠵᠥᠪᠯᠡᠯᠭᠡ ᠶᠢ ᠰᠢᠪᠠᠳᠠᠨ ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠡᠯ᠎ᠡ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠲᠠᠢ ᠰᠠᠭᠤᠳᠠᠯ ᠤᠨ ᠬᠤᠷᠠᠯ ᠬᠤᠷᠠᠯᠳᠤᠪᠠ᠃
   ᠰᠠᠭᠤᠳᠠᠯ ᠤᠨ ᠬᠤᠷᠠᠯ ᠠᠴᠠ ᠡᠮᠦᠨ᠎ᠡ᠂ ᠯᠢ ᠮᠧᠶ ᠯᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠠᠭᠠᠭᠤᠯᠤᠨ ᠢ ᠾᠦᠢ ᠪᠠᠭ᠎ᠠ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠬᠠᠮᠢᠶ᠎ᠠ ᠪᠦᠬᠦᠢ ᠲᠦᠭᠦᠭᠡᠷᠦᠮᠵᠢ ᠪᠣᠯᠤᠨ ᠬᠢᠴᠢᠶᠡᠯ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠰᠤᠷᠭᠠᠭᠤᠯᠢ ᠶᠢᠨ ᠬᠦᠷᠢᠶᠡᠨ ᠤ ᠰᠠᠨᠠᠯ ᠵᠦᠪᠯᠡᠯᠭᠡ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠴᠦ᠂ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠤᠭᠰᠠᠨ‌ᠡᠴᠠ ᠨᠠᠰᠢ ᠣᠯᠤᠭᠰᠠᠨ ᠠᠵᠢᠯ ᠤᠨ ᠦᠷ᠎ᠡ ᠪᠦᠲᠦᠮᠵᠢ᠂ ᠤᠷᠤᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠵᠢᠴᠢ ᠰᠠᠨᠠᠯ ᠰᠠᠨᠠᠭᠤᠯᠭ᠎ᠠ ᠶᠢ ᠪᠦᠬᠦ ᠲᠠᠯ᠎ᠠ ᠪᠠᠷ ᠤᠶᠢᠯᠠᠭᠠᠪᠠ᠃     ᠰᠠᠭᠤᠳᠠᠯ ᠤᠨ ᠬᠤᠷᠠᠯ ᠳᠡᠭᠡᠷ᠎ᠡ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠡᠯ᠎ᠡ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠣᠭᠤᠷᠢᠨ ᠳᠤ ᠲᠣᠰ ᠲᠣᠰ ᠨᠠᠷᠢᠨ ᠬᠢᠨᠠᠮᠠᠭᠠᠶ ᠲᠠᠶᠢᠯᠪᠤᠷᠢᠯᠠᠯᠲᠠ ᠪᠠ ᠬᠠᠷᠢᠭᠤᠯᠲᠠ ᠥᠭᠪᠡ︔ ᠰᠠᠨᠠᠯ ᠳᠤᠷᠠᠳᠤᠯᠭ᠎ᠠ ᠶᠢᠨ ᠭᠡᠰᠢᠭᠦᠳ ᠪᠠᠰᠠ ᠰᠠᠨᠠᠯ ᠳᠤᠷᠠᠳᠤᠯᠭ᠎ᠠ ᠶᠢᠨ ᠬᠠᠮᠢᠶ᠎ᠠ ᠪᠦᠬᠦᠢ ᠲᠠᠯ᠎ᠠ ᠶᠢᠨ ᠠᠰᠠᠭᠤᠳᠠᠯ ᠤᠨ ᠲᠣᠭᠤᠷᠢᠨ ᠳᠤ ᠬᠡᠷᠡᠭᠵᠢᠭᠦᠯᠬᠦ ᠴᠢᠨᠠᠷ ᠢᠶᠠᠷ ᠴᠢᠩᠭ᠎ᠠ ᠰᠠᠨᠠᠭᠤᠯᠭ᠎ᠠ ᠪᠠ ᠰᠠᠨᠠᠯ ᠳᠤᠷᠠᠳᠴᠤ᠂ ᠳᠠᠭᠠᠭᠠᠨ ᠠᠪᠴᠤ ᠰᠢᠢᠳᠪᠦᠷᠢᠡᠯᠬᠦ ᠨᠢᠭᠡᠴᠡ ᠰᠠᠨᠠᠯ ᠵᠥᠪᠯᠡᠯᠭᠡ ᠳᠤᠷᠠᠳᠤᠭᠰᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠠᠨᠠᠯ ᠵᠥᠪᠯᠡᠯᠭᠡ ᠶᠢ ᠰᠢᠢᠳᠪᠦᠷᠢᠯᠡᠵᠦ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠬᠤ ᠪᠠᠨ ᠢᠯᠡᠳᠭᠡᠵᠡᠭᠡᠪᠡ᠃                 ᠵᠣᠬᠢᠶᠠᠭᠴᠢ᠄ ᠵᠠᠩ ᠿᠢ ᠵᠢᠤᠸᠠᠨ                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3