| 2020 ᠣᠨ ᠤ 6 ᠰᠠᠷ᠎ᠠ ᠶᠢᠨ 5 ᠤ ᠡᠳᠦᠷ᠂ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠠᠴᠠ ︽ᠹᠧᠩᠵᠧᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ︿ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠂ ᠡᠨᠡ ᠬᠦ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠨᠢ ᠬᠤᠲᠠ ᠶᠢᠨ ᠬᠠᠮᠢᠶᠠᠷᠤᠯᠲᠠ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠵᠣᠬᠢᠴᠠᠭᠤᠯᠬᠤ ᠶᠢᠨ ᠲᠥᠯᠥᠭᠡ ᠶᠤᠮ᠃ | ᠣᠳᠣᠬᠠᠨ ᠤ ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠡᠯ᠎ᠡ ᠲᠥᠷᠥᠯ ᠤᠨ ᠵᠥᠷᠢᠴᠡᠯ ᠢ ᠬᠦᠴᠦᠯᠡᠨ | ᠰᠢᠢᠳᠪᠦᠷᠢᠯᠡᠵᠦ᠂ ᠬᠤᠲᠠ ᠶᠢᠨ ᠵᠡᠭᠡᠯᠢ ᠭᠤᠳᠤᠮᠵᠢ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ | ᠲᠦᠪᠰᠢᠨ ᠢ ᠪᠦᠳᠦᠮᠵᠢᠳᠡᠢ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠡᠯᠪᠡᠷᠢ ᠶᠢᠨ ᠰᠢᠨ᠎ᠡ ᠶᠢ | ᠡᠭᠦᠳᠦᠨ᠎ᠡ᠃ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ | ᠬᠠᠮᠤᠷᠬᠤ᠂ ᠨᠠᠷᠢᠯᠢᠭ ᠪᠣᠯᠭᠠᠬᠤ᠂ ᠤᠷᠲᠤ ᠬᠤᠭᠤᠴᠠᠭ᠎ᠠ ᠪᠦᠲᠦᠮᠵᠢᠲᠡᠶ ᠬᠠᠮᠢᠶᠠᠷᠤᠯᠲᠠ ᠶᠢᠨ ᠰᠡᠳᠬᠢᠮᠵᠢ ᠪᠠᠷ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ ᠣᠳᠣ | ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ︽ᠲᠥᠰᠦᠯ︾ ᠢ ᠨᠡᠶᠢᠲᠡᠯᠡᠭᠰᠡᠨ ᠶᠡᠷᠦᠩᠬᠡᠶ ᠰᠡᠳᠬᠢᠴᠡ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ | ᠶᠡᠷᠦᠩᠬᠡᠢ ᠱᠦᠵᠢ ᠰᠢ ᠶᠢᠨ ᠫᠢᠩ ᠤᠨ ︽ᠬᠤᠲᠠ ᠶᠢᠨ ᠬᠠᠮᠢᠶᠠᠷᠤᠯᠲᠠ ᠨᠢ ᠬᠤᠸᠠᠷ ᠬᠠᠳᠬᠤᠭᠰᠠᠨ ᠰᠢᠭ᠋ ᠨᠠᠷᠢᠨ | ᠨᠢᠭᠲᠠ ᠪᠠᠶᠢᠬᠤ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠠᠶ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠶᠢ | ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠬᠦᠭᠵᠢᠯᠳᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ᠤᠳᠤᠬᠢᠴᠢᠯᠠᠯᠳᠠ ᠪᠠᠷ ᠴᠢᠭᠯᠡᠯ | ᠪᠣᠯᠭᠠᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ | ᠮᠠᠨ ᠤ ᠬᠤᠲᠠ ᠶᠢᠨ ᠬᠤᠲᠠ ᠶᠢᠨ ᠳᠦᠷᠢ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠨᠣᠭᠤᠭᠠᠷᠠᠭᠤᠯᠤᠯᠲᠠ ᠶᠢ ᠭᠡᠷᠡᠯᠳᠦᠭᠦᠯᠬᠦ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ | ᠳᠢᠭᠯᠢᠮ ᠵᠡᠷᠭᠡ ᠬᠠᠮᠢᠶᠠᠷᠤᠯᠳᠠ ᠶᠢᠨ ᠠᠵᠢᠯ ᠢ ᠬᠦᠴᠦᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠬᠠᠮᠤᠭ ᠠᠴᠠ | ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ | ᠬᠤᠶᠠᠷ᠂ ︽ᠲᠥᠰᠦᠯ︾ ᠤᠨ ᠭᠤᠤᠯ ᠠᠭᠤᠯᠭ᠎ᠠ | ︵ᠨᠢᠭᠡ︶ ᠭᠤᠤᠯ ᠬᠠᠷᠠᠯᠲᠠ᠃ ︽ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠵᠢᠯ ᠤᠨ | ᠬᠠᠷᠠᠯᠲᠠ ᠶᠢ ᠲᠣᠳᠣᠷᠬᠠᠶᠢᠯᠠᠬᠤ᠂ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ | ᠬᠠᠮᠢᠶᠠᠷᠤᠯᠲᠠ ᠶᠢ ᠴᠢᠩᠭ᠎ᠠ ᠬᠢᠨᠠᠨ ᠰᠢᠯᠭᠠᠬᠤ︾ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠣᠭᠤᠷᠢᠭ ᠵᠡᠭᠡᠯᠢ | ᠭᠤᠳᠤᠮᠵᠢ ᠶᠢ ᠪᠦᠬᠦᠨ ᠢ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠳᠤ | ᠣᠷᠣᠭᠤᠯᠤᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ | ᠨᠠᠢᠳᠠᠪᠤᠷᠢᠵᠢᠭᠤᠯᠬᠤ ᠪᠠᠷ ᠳᠠᠮᠵᠢᠭᠤᠯᠤᠨ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠷᠲᠤ | ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ | ᠲᠦᠮᠡᠨ ᠤ ᠪᠣᠯᠪᠠᠰᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠣᠷᠴᠢᠨ | ᠲᠣᠭᠤᠷᠢᠨ ᠤ ᠵᠠᠰᠠᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠨᠢᠭᠡᠨ ᠰᠢᠰᠲ᠋ᠧᠮ ︵ᠳᠠᠷᠤᠶ ︽ᠵᠡᠭᠡᠯᠢ ᠭᠤᠳᠤᠮᠵᠢ ᠶᠢᠨ ᠶᠡᠷᠦᠩᠬᠡᠶ ᠳᠠᠷᠤᠭ᠎ᠠ —— ᠵᠡᠭᠡᠯᠢ ᠭᠤᠳᠤᠮᠵᠢ ᠶᠢᠨ | ᠳᠠᠷᠤᠭ᠎ᠠ︾ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ︽ᠭᠤᠷᠪᠠᠨ | ᠵᠦᠢᠯ ᠤᠨ ᠲᠣᠭᠲᠠᠴᠠ︾ ︵ᠳᠠᠷᠤᠶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ᠂ ᠨᠡᠶᠢᠭᠡᠮ ᠤᠨ | ᠬᠢᠨᠠᠯᠲᠠ ᠲᠠᠯᠪᠢᠬᠤ ᠲᠣᠭᠲᠠᠴᠠ᠂ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ︶ ᠶᠢ ᠪᠠᠶᠢᠭᠤᠯᠵᠤ᠂ ︽ | ᠳᠣᠯᠤᠭ᠎ᠠ ᠳᠤ ᠬᠢᠨᠠᠯᠲᠠ ᠲᠠᠯᠪᠢᠬᠤ︾ ︵ᠳᠠᠷᠤᠶ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠳᠠᠯᠪᠢᠬᠤ | ᠂ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠳᠤ ᠬᠢᠨᠠᠯᠲᠠ ᠲᠠᠯᠪᠢᠬᠤ᠂ ᠵᠠᠮ ᠬᠠᠷᠢᠯᠴᠠᠭᠠᠨ ᠤ ᠡᠮᠬᠢ | ᠵᠢᠷᠤᠮ ᠳᠤ ᠬᠢᠨᠠᠯᠲᠠ ᠲᠠᠯᠪᠢᠬᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠳᠤ ᠬᠢᠨᠠᠯᠲᠠ ᠲᠠᠯᠪᠢᠬᠤ᠂ ᠬᠠᠤᠯᠢ ᠠᠴᠠ | ᠵᠥᠷᠢᠴᠡᠭᠰᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ᠂ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ | ᠲᠠᠯᠪᠢᠬᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ︶ ᠶᠢ | ᠨᠠᠶᠢᠳᠠᠪᠤᠷᠢᠵᠢᠭᠤᠯᠵᠤ᠂ ᠬᠤᠲᠠ ᠶᠢᠨ ᠴᠢᠨᠠᠷ ᠳᠡᠰ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠶᠡᠬᠡᠪᠡᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠣᠷᠣᠰᠢᠨ ᠰᠠᠭᠤᠭᠰᠠᠳ ᠲᠤ ᠤᠮᠤᠭᠰᠢᠬᠤ᠂ ᠭᠠᠳᠠᠨ᠎ᠠ ᠠᠴᠠ | ᠢᠷᠡᠭᠰᠡᠳ ᠤᠨ ᠦᠯᠡᠳᠡᠬᠦ ᠰᠠᠨᠠᠭ᠎ᠠ ᠲᠠᠢ ᠪᠠᠶᠢᠬᠤ ᠬᠠᠷᠠᠯᠲᠠ ᠳᠤ ᠬᠦᠷᠦᠬᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠃ ᠬᠤᠲᠠ ᠶᠢᠨ ᠲᠣᠭᠤᠷᠢᠭ ᠤᠨ ᠪᠤᠢ ᠪᠦᠬᠦᠢ ᠵᠡᠭᠡᠯᠢ | ᠭᠤᠳᠤᠮᠵᠢ ᠶᠢ ᠠᠩᠭᠢᠯᠠᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ | ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠵᠡᠭᠡᠯᠢ ᠭᠤᠳᠤᠮᠵᠢ ᠨᠢᠭᠡᠪᠦᠷᠢ ᠶᠢ ᠨᠢᠭᠡ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶᠠᠨ ᠤ ᠠᠵᠢᠯᠲᠠᠨ ᠢ ᠵᠡᠭᠡᠯᠢ | ᠭᠤᠳᠤᠮᠵᠢ ᠶᠢᠨ ᠳᠠᠷᠤᠭ᠎ᠠ ᠪᠠᠷ ᠲᠣᠮᠢᠯᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠬᠦᠴᠦᠨ ᠢ | ᠨᠢᠭᠡᠳᠦᠯᠲᠡᠶ ᠲᠥᠯᠥᠪᠯᠡᠵᠦ᠂ ᠪᠦᠬᠦ ᠡᠳᠦᠷ ᠢᠶᠠᠷ ᠢᠶᠠᠨ ᠬᠤᠲᠠ ᠶᠢᠨ ᠨᠠᠷᠢᠯᠢᠭᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠦᠷᠨᠢᠭᠦᠯᠵᠦ᠂ ᠡᠳᠦᠷ ᠰᠥᠨᠢ ᠨᠢᠭᠡ ᠶᠠᠩᠵᠤ᠂ ᠵᠡᠭᠡᠯᠢ ᠭᠤᠳᠤᠮᠵᠢ ᠨᠢᠭᠡ ᠶᠠᠩᠵᠤ | ᠪᠠᠶᠢᠬᠤ ᠶᠢ ᠦᠨᠡᠨᠬᠦ ᠪᠠᠲᠤᠯᠠᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ | ᠬᠡᠷᠡᠭᠵᠢᠭᠦᠯᠬᠦ ᠶᠢ ᠬᠤᠲᠠ ᠶᠢᠨ ᠬᠠᠮᠢᠶᠠᠷᠤᠯᠲᠠᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ | ᠪᠦᠷᠢᠨ ᠡᠷᠬᠡ ᠲᠠᠢ ᠬᠠᠷᠢᠭᠤᠴᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ | ᠪᠣᠳᠣᠯᠭ᠎ᠠᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠢᠳᠠᠪᠤᠷᠢᠵᠢᠭᠤᠯᠬᠤ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ | ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ | ᠳᠦᠷᠢᠮ︾ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠰᠢᠯᠭᠠᠭᠰᠠᠨ ᠦᠷ᠎ᠡ | ᠳ᠋ᠦᠩ ᠢ ᠲᠣᠭᠲᠠᠮᠠᠯ ᠬᠤᠭᠤᠴᠠᠭ᠎ᠠ ᠲᠠᠢᠪᠠᠷ ᠨᠡᠶᠢᠲᠡᠯᠡᠵᠦ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ | ᠤᠨ ᠡᠳᠦᠷ ᠲᠤᠲᠤᠮ ᠤᠨ ᠠᠵᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃ | ︵ᠭᠤᠷᠪᠠ︶ ᠭᠤᠤᠯ ᠡᠭᠦᠷᠭᠡ ᠬᠠᠷᠢᠭᠤᠴᠠᠯᠭ᠎ᠠ᠃ ᠡᠯ᠎ᠡ ᠵᠡᠭᠡᠯᠢ ᠭᠤᠳᠤᠮᠵᠢ ᠶᠢᠨ ᠳᠠᠷᠤᠭ᠎ᠠ ᠶᠢᠨ ᠭᠤᠤᠯ | ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠨᠢ ︽ᠲᠤᠯᠤᠭᠠᠨ ᠬᠢᠨᠠᠯᠲᠠ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ | ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄ | 1.ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠨ᠎ᠠ᠃ ᠠᠷᠢᠭᠤᠨ ᠴᠡᠪᠡᠷ ᠤᠨ ᠥᠨᠴᠥᠭ | ᠪᠤᠯᠤᠩ ᠦᠭᠡᠢ᠂ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂ ᠲᠠᠮᠠᠬᠢᠨ ᠤᠳᠤᠭ᠎ᠠ᠂ ᠪᠣᠬᠢᠷ ᠤᠰᠤ | ᠬᠤᠷᠠᠵᠤ ᠬᠠᠳᠠᠭᠠᠯᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠭ ᠨᠣᠪᠰᠢ ᠰᠢᠲᠠᠭᠠᠬᠤ ᠠᠵᠢᠯᠯᠠᠭ᠎ᠠ | ᠥᠬᠡᠶ︔ ᠵᠢᠮᠢᠰ ᠤᠨ ᠬᠠᠯᠢᠰᠤᠨ ᠬᠠᠶᠢᠷᠴᠠᠭ ᠨᠢ ᠴᠡᠪᠡᠷ ᠴᠡᠮᠴᠡᠭᠡᠷ ᠪᠥᠭᠡᠳ ᠪᠦᠷᠢᠨ ᠪᠦᠲᠦᠨ ᠪᠠᠶᠢᠵᠤ᠂ ᠬᠤᠭ | ᠨᠣᠪᠰᠢ ᠶᠢᠨ ᠰᠠᠭᠤᠮᠠᠯ ᠪᠠᠶᠢᠬᠤ ᠥᠬᠡᠶ︔ ᠨᠡᠶᠢᠲᠡ ᠶᠢᠨ ᠵᠣᠷᠯᠣᠩ ᠢ ᠴᠠᠭ ᠲᠤᠬᠠᠶ ᠳᠤᠨᠢ ᠰᠦᠢᠳᠭᠡᠯ ᠬᠤᠷᠢᠶᠠᠬᠤ | ᠥᠬᠡᠶ ᠪᠠᠷ ᠨᠡᠭᠡᠭᠡᠬᠦ ᠮᠥᠷᠲᠡᠭᠡᠨ ᠪᠡᠯᠡᠳᠭᠡᠮᠵᠢ ᠨᠢ ᠪᠦᠷᠢᠨ ᠪᠦᠲᠦᠨ ᠪᠠᠶᠢᠵᠤ᠂ ᠢᠯᠠᠭ᠎ᠠ ᠪᠠᠲᠠᠭᠠᠨ᠎ᠠ᠂ ᠬᠠᠴᠢᠨ | ᠦᠨᠦᠷ᠂ ᠪᠠᠭᠠᠰᠤ ᠰᠢᠭᠡᠰᠦ ᠥᠬᠡᠶ᠃ | 2. ᠬᠤᠲᠠ ᠶᠢᠨ ᠦᠵᠡᠮᠵᠢ ᠡᠮᠬᠢ ᠳᠢᠭᠯᠢᠮ ᠳᠤ ᠬᠢᠨᠠᠯᠲᠠ ᠲᠠᠯᠪᠢᠨ᠎ᠠ᠃ ᠵᠠᠮ ᠡᠵᠡᠯᠡᠨ ᠡᠵᠡᠩᠨᠡᠬᠦ᠂ ᠡᠭᠦᠳᠡ | ᠠᠯᠤᠰᠯᠠᠨ ᠡᠵᠡᠩᠨᠡᠬᠦ᠂ ᠵᠠᠳᠠᠭᠠᠶ ᠰᠢᠷᠠᠮᠠᠯ ᠪᠠ ᠲᠡᠨᠦᠭᠦᠯ ᠬᠤᠳᠠᠯᠳᠤᠭᠠᠴᠢᠨ ᠫᠠᠨᠽᠠᠯᠠᠭᠴᠢ ᠦᠭᠡᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ︔ ᠡᠯ᠎ᠡ ᠵᠦᠢᠯ ᠤᠨ ᠱᠤᠤᠭᠢᠶᠠᠨ᠂ ᠲᠣᠰᠣᠨ ᠤᠲᠤᠭᠠᠨ ᠤ ᠪᠣᠬᠢᠷᠲᠤᠯ ᠦᠭᠡᠢ︔ ᠬᠠᠮᠢᠶ᠎ᠠ | ᠨᠠᠮᠢᠶ᠎ᠠ ᠦᠭᠡᠢ ︽ᠵᠢᠵᠢᠭ ᠵᠠᠷ︾ ᠢ ᠨᠠᠭᠠᠵᠤ ᠳᠤᠷ᠎ᠠ ᠪᠠᠷ ᠢᠶᠠᠨ ᠵᠢᠷᠤᠬᠤ︔ ᠬᠥᠨᠳᠡᠯᠡᠨ ᠭᠤᠯᠳᠤ ᠤᠷᠢᠶ᠎ᠠ ᠯᠣᠽᠦ᠋ᠩ᠂ | ᠤᠲᠠᠰᠤ ᠳᠡᠭᠡᠰᠦ ᠶᠢ ᠬᠠᠮᠢᠶ᠎ᠠ ᠨᠠᠮᠢᠶ᠎ᠠ ᠦᠭᠡᠶ ᠲᠠᠲᠠᠳᠠᠭ︔ ᠵᠡᠭᠡᠯᠢ ᠳᠠᠭᠠᠤ ᠬᠤᠪᠴᠠᠰᠤ ᠬᠤᠨᠠᠷ ᠢᠶᠠᠨ ᠬᠠᠲᠠᠭᠠᠬᠤ᠂ | ᠵᠦᠯᠭᠦᠭᠦᠷ ᠢᠶᠠᠨ ᠬᠠᠲᠠᠭᠠᠬᠤ︔ ᠡᠪᠳᠡᠷᠡᠭᠰᠡᠨ᠂ ᠦᠰᠦᠭ ᠤᠨ ᠲᠢᠭ ᠨᠢ ᠡᠷᠡᠮᠳᠡᠭ ᠵᠡᠮᠳᠡᠭ᠂ ᠭᠡᠷᠡᠯ ᠲᠠᠰᠤᠷᠠᠭᠰᠠᠨ᠂ | ᠳ᠋ᠧᠩ ᠤᠨ ᠬᠡᠷᠡᠭᠰᠡᠯ ᠨᠢ ᠡᠪᠳᠡᠭᠰᠡᠨ ᠵᠠᠷ ᠤᠨ ᠫᠠᠶᠢᠰᠠ︔ ᠣᠯᠠᠨ ᠨᠡᠶᠢᠲᠡ ᠶᠢᠨ ᠲᠥᠬᠦᠭᠡᠷᠦᠮᠵᠢ᠂ ᠣᠶ ᠮᠣᠳᠣ᠂ | ᠵᠦᠯᠭᠡ ᠭᠠᠵᠠᠷ ᠵᠡᠷᠭᠡ ᠶᠢ ᠡᠵᠡᠯᠡᠨ ᠬᠡᠷᠡᠭᠯᠡᠭᠰᠡᠨ ᠭᠡᠷ ᠤᠨ ᠭᠠᠳᠠᠨᠠᠬᠢ ᠵᠠᠷ ᠮᠡᠳᠡᠭᠡ︔ ᠡᠯ᠎ᠡ ᠵᠦᠢᠯ ᠤᠨ ᠵᠠᠮ | ᠡᠵᠡᠯᠡᠭᠰᠡᠨ ᠬᠤᠳᠠᠯᠳᠤᠭᠠᠨ ᠤ ᠵᠠᠷ ᠤᠨ ᠳ᠋ᠧᠩ ᠤᠨ ᠬᠠᠶᠢᠷᠴᠠᠭ ᠪᠠ ᠫᠠᠶᠢᠰᠠ ᠵᠡᠷᠭᠡ ᠦᠭᠡᠢ᠃ | 3. ᠵᠠᠮ ᠬᠠᠷᠢᠯᠴᠠᠭᠠᠨ ᠤ ᠡᠮᠬᠢ ᠳᠢᠭᠯᠢᠮ ᠳᠤ ᠬᠢᠨᠠᠯᠲᠠ ᠲᠠᠯᠪᠢᠬᠤ᠃ ᠬᠠᠮᠢᠶ᠎ᠠ ᠨᠠᠮᠢᠶ᠎ᠠ ᠦᠭᠡᠢ ᠵᠣᠭᠰᠣᠵᠤ | ᠬᠠᠮᠢᠶ᠎ᠠ ᠨᠠᠮᠢᠶ᠎ᠠ ᠦᠭᠡᠢ ᠲᠠᠯᠪᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠮᠠᠰᠢᠨᠲᠤ ᠲᠡᠷᠭᠡ᠂ ᠴᠠᠬᠢᠯᠭᠠᠨ | ᠬᠥᠳᠡᠯᠭᠡᠭᠦᠷᠲᠦ ᠲᠡᠷᠭᠡ᠂ ᠳᠤᠭᠤᠶ ᠲᠡᠷᠭᠡ ᠵᠡᠷᠭᠡ ᠬᠤᠳᠠ ᠶᠢᠨ ᠳᠦᠷᠰᠦ ᠪᠠᠶᠢᠳᠠᠯ ᠪᠠ ᠵᠠᠮ ᠬᠠᠷᠢᠯᠴᠠᠭᠠᠨ ᠤ ᠡᠮᠬᠢ | ᠵᠢᠷᠤᠮ ᠢ ᠨᠥᠯᠥᠭᠡᠯᠡᠬᠦ ᠦᠢᠯᠡ ᠠᠵᠢᠯᠯᠠᠭ᠎ᠠ ᠦᠭᠡᠢ︔ ᠭᠠᠵᠠᠷ ᠤᠨ ᠪᠠᠭᠠᠨ᠎ᠠ ᠶᠢᠨ ᠭᠠᠵᠠᠷ ᠤᠨ ᠣᠨᠢᠰᠤ ᠶᠢ | ᠳᠤᠷ᠎ᠠ ᠪᠠᠷ ᠢᠶᠠᠨ ᠲᠣᠬᠢᠷᠠᠭᠤᠯᠤᠭᠰᠠᠨ ᠪᠠ ᠬᠠᠶᠠᠭᠳᠠᠮᠠᠯ ᠬᠠᠭᠤᠴᠢᠨ ᠡᠳ᠋ ᠤᠨ ᠲᠡᠷᠭᠡᠨ ᠤ ᠪᠠᠶᠢᠷᠢ ᠶᠢ ᠡᠵᠡᠯᠡᠨ | ᠬᠡᠷᠡᠭᠯᠡᠬᠦ ᠦᠭᠡᠢ ᠪᠠᠶᠢᠬᠤ ᠬᠡᠷᠡᠭᠲᠡᠶ᠃ | 4. ᠬᠤᠲᠠ ᠶᠢᠨ ᠶᠠᠪᠤᠳᠠᠯ ᠤᠨ ᠲᠥᠬᠦᠭᠡᠷᠦᠮᠵᠢ ᠳᠤ ᠬᠢᠨᠠᠯᠲᠠ ᠲᠠᠯᠪᠢᠨ᠎ᠠ᠃ ᠵᠠᠮ ᠳᠡᠭᠡᠷᠡᠬᠢ ᠬᠤᠲᠣᠭᠤᠷ ᠥᠬᠡᠶ | ᠬᠡᠩᠭᠡᠷᠭᠡ ᠶᠢᠨ ᠬᠠᠪᠲᠠᠭ᠎ᠠ ᠰᠡᠲᠡᠷᠬᠡᠶ ᠠᠷᠠᠰᠤᠨ ᠤ ᠠᠩ ᠵᠠᠪᠰᠠᠷ ᠦᠭᠡᠢ ᠶᠢ ᠦᠨᠡᠨ ᠬᠦ ᠪᠠᠲᠤᠯᠠᠬᠤ ᠬᠡᠷᠡᠭᠲᠡᠶ︔ | ᠬᠥᠮᠦᠨ ᠶᠠᠪᠤᠬᠤ ᠵᠠᠮ ᠤᠨ ᠬᠠᠪᠳᠠᠰᠤᠨ ᠤ ᠲᠤᠳᠠᠭᠳᠠᠯ ᠡᠪᠳᠡᠷᠡᠯ ᠰᠤᠯᠠᠷᠠᠯ ᠦᠭᠡᠢ︔ ᠵᠠᠮ ᠤᠨ ᠭᠤᠤ ᠴᠠᠪᠠ ᠦᠭᠡᠢ︔ | ᠪᠠᠶᠢᠴᠠᠭᠠᠯᠳᠠ ᠪᠠᠷ ᠬᠤᠳᠳᠤᠭ ᠨᠢ ᠡᠪᠳᠡᠭᠳᠡᠨ ᠨᠤᠷᠠᠵᠤ ᠳᠣᠷᠭᠢᠯᠳᠤᠨ ᠬᠥᠳᠡᠯᠬᠦ ᠪᠠ ᠠᠰᠬᠠᠷᠠᠬᠤ ᠪᠠᠶᠢᠳᠠᠯ ᠦᠭᠡᠢ︔ | ᠳᠠᠮᠵᠢᠭᠤᠯᠬᠤ ᠬᠤᠭᠤᠯᠠᠶ ᠪᠠᠷ ᠭᠤᠤᠯ ᠬᠠᠮᠢᠶᠠᠷᠬᠤ ᠤᠲᠠᠰᠤᠨ ᠳᠤ ᠪᠤᠵᠠᠷ ᠤᠰᠤ ᠶᠢ ᠳᠤᠷ᠎ᠠ ᠪᠠᠷ ᠢᠶᠠᠨ | ᠭᠠᠳᠠᠭᠰᠢᠯᠠᠭᠤᠯᠬᠤ ᠦᠵᠡᠭᠳᠡᠯ ᠪᠠᠶᠢᠬᠤ ᠦᠭᠡᠢ︔ ᠭᠤᠤᠯ ᠤᠨ ᠵᠠᠮ ᠤᠨ ᠣᠶᠢᠷᠠᠯᠴᠠᠭ᠎ᠠ ᠡᠷᠭᠢ ᠳᠤ ᠳᠤᠷ᠎ᠠ ᠪᠠᠷ | ᠭᠠᠳᠠᠭᠰᠢᠯᠠᠭᠤᠯᠬᠤ ᠥᠬᠡᠶ᠂ ᠬᠤᠭ ᠨᠣᠪᠰᠢ ᠬᠤᠷᠠᠮᠳᠤᠭᠤᠯᠤᠨ ᠬᠥᠪᠬᠦ ᠦᠭᠡᠢ᠂ ᠡᠷᠭᠢ ᠬᠠᠮᠠᠭᠠᠯᠠᠬᠤ ᠬᠡᠷᠡᠰᠬᠡ | ᠬᠠᠮᠠᠭᠠᠯᠠᠬᠤ ᠵᠡᠷᠭᠡ ᠪᠡᠯᠡᠳᠬᠡᠮᠵᠢ ᠡᠪᠳᠡᠷᠡᠵᠦ ᠰᠦᠢᠳᠦᠭᠰᠡᠨ ᠵᠢᠴᠢ ᠬᠠᠤᠯᠢ ᠪᠤᠰᠤ ᠪᠠᠷ ᠠᠩᠨᠠᠵᠤ ᠱᠦᠭᠦᠬᠦ | ᠠᠵᠢᠯᠯᠠᠭ᠎ᠠ ᠦᠭᠡᠢ︔ ᠵᠠᠮ ᠤᠨ ᠬᠤᠶᠠᠷ ᠬᠠᠵᠠᠭᠤ ᠪᠠᠷ ᠪᠠᠶᠢᠭᠤᠯᠤᠭᠰᠠᠨ᠂ ᠪᠠᠶᠢᠭᠤᠯᠤᠭᠰᠠᠨ ᠪᠣᠳᠠᠰ ᠤᠨ ᠪᠣᠰᠤᠭ᠎ᠠ | ᠲᠠᠯ᠎ᠠ ᠳᠤ ᠡᠪᠳᠡᠷᠡᠭᠰᠡᠨ ᠬᠠᠭᠤᠴᠢᠨ ᠡᠮᠬᠢ ᠵᠠᠮᠪᠠᠷᠠᠭ᠎ᠠ ᠥᠬᠡᠶ ᠵᠡᠷᠭᠡ ᠴᠡᠪᠡᠷ ᠲᠡᠭᠰᠢ ᠭᠤᠸ᠎ᠠ ᠰᠠᠶᠢᠬᠠᠨ ᠢ | ᠨᠥᠯᠥᠭᠡᠯᠡᠬᠦ ᠠᠰᠠᠭᠤᠳᠠᠯ ᠦᠭᠡᠢ︔ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠴᠠᠬᠢᠯᠭᠠᠨ ᠬᠦᠴᠦᠨ᠂ ᠨᠡᠶᠢᠲᠡ ᠶᠢᠨ | ᠬᠡᠷᠡᠭᠯᠡᠭᠡᠨ ᠤ ᠦᠢᠯᠡᠰ ᠵᠡᠷᠭᠡ ᠪᠡᠯᠡᠳᠬᠡᠮᠵᠢ ᠨᠢ ᠡᠪᠳᠡᠷᠡᠯ ᠰᠦᠢᠳᠦᠯ ᠬᠠᠵᠠᠭᠠᠶ ᠵᠢᠪᠡᠷᠡᠵᠦ ᠢᠳᠡᠭᠳᠡᠭᠰᠡᠨ ᠪᠠᠶᠢᠳᠠᠯ | ᠦᠭᠡᠢ︔ ᠪᠠᠷᠢᠯᠭ᠎ᠠ ᠶᠢᠨ ᠭᠠᠵᠠᠷ ᠢ ᠪᠢᠲᠡᠭᠦᠮᠵᠢᠯᠡᠵᠦ᠂ ᠪᠠᠷᠢᠯᠭ᠎ᠠ ᠶᠢᠨ ᠮᠠᠰᠢᠨ᠂ ᠪᠣᠳᠠᠰ ᠤᠨ ᠮᠠᠲ᠋ᠧᠷᠢᠶᠠᠯ ᠢ ᠲᠡᠷᠢ | ᠲᠡᠭᠰᠢ ᠲᠠᠯᠪᠢᠵᠤ᠂ ᠪᠠᠷᠢᠯᠭ᠎ᠠ ᠶᠢᠨ ᠭᠠᠵᠠᠷ ᠤᠨ ᠬᠦᠷᠢᠶ᠎ᠡ ᠬᠡᠪᠴᠢᠶ᠎ᠡ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠃ | 5. ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠬᠡᠷᠡᠭᠳᠡᠢ᠃ ᠬᠤᠲᠠ ᠶᠢᠨ | ᠶᠠᠪᠤᠳᠠᠯ ᠤᠨ ᠵᠠᠮ ᠤᠨ ᠬᠡᠪᠴᠢᠶᠡᠨ ᠳᠣᠲᠣᠷ᠎ᠠ ᠵᠠᠮ ᠡᠵᠡᠯᠡᠬᠦ ᠪᠣᠳᠠᠰ ᠦᠭᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠶ | ︔ ᠭᠤᠶᠠᠴᠢ ᠦᠭᠡᠢ ᠳᠤᠷ᠎ᠠ ᠪᠠᠷ ᠢᠶᠠᠨ ᠪᠠᠶᠢᠭᠤᠯᠬᠤ ᠦᠭᠡᠢ︔ ᠶᠠᠭ ᠪᠠᠷᠢᠵᠤ ᠪᠠᠶᠢᠭ᠎ᠠ ᠪᠠᠷᠢᠯᠭ᠎ᠠ ᠶᠢᠨ ᠭᠠᠵᠠᠷ ᠨᠢ | ᠱᠠᠭᠠᠷᠳᠠᠯᠭ᠎ᠠ ᠶᠣᠰᠣᠭᠠᠷ ᠪᠦᠳᠦᠭᠡᠨ ᠪᠠᠶᠢᠭᠤᠯᠵᠤ ᠪᠠᠷᠢᠯᠭ᠎ᠠ ᠪᠠᠷᠢᠨ᠎ᠠ︔ ᠬᠤᠲᠠ ᠪᠠᠯᠭᠠᠰᠤᠨ ᠤ | ᠲᠥᠯᠥᠪᠵᠢᠭᠦᠯᠭᠡ ᠠᠴᠠ ᠵᠥᠷᠢᠴᠡᠭᠰᠡᠨ ᠦᠭᠡᠢ ᠵᠡᠷᠭᠡ ᠪᠣᠯᠤᠨ᠎ᠠ᠃ | 6. ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ ᠲᠠᠯᠪᠢᠬᠤ ᠬᠡᠷᠡᠭᠲᠡᠶ᠃ ᠰᠢᠷ᠎ᠠ ᠬᠥᠷᠥᠰᠥ ᠶᠢᠨ | ᠨᠢᠴᠦᠭᠦᠨ ᠴᠤᠬᠤᠶᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠤᠢ ᠮᠤᠳᠤ ᠳᠤᠲᠠᠭᠤ ᠳᠤᠷᠭᠤᠨ | ᠬᠤᠪᠠᠭ᠋ᠠᠶᠢᠷᠠᠭᠰᠠᠨ ᠦᠵᠡᠭᠳᠡᠯ ᠤᠷᠤᠰᠢᠬᠤ ᠦᠭᠡᠢ︔ ᠬᠦᠷᠢᠶᠡᠯᠡᠨ ᠡᠵᠡᠯᠡᠵᠦ ᠨᠣᠭᠤᠭᠠᠷᠠᠭᠤᠯᠤᠯᠲᠠ ᠶᠢ ᠡᠪᠳᠡᠬᠦ | ᠦᠭᠡᠢ︔ ᠵᠦᠯᠭᠡ ᠭᠠᠵᠠᠷ ᠢ ᠡᠵᠡᠯᠡᠨ ᠳᠠᠷᠤᠬᠤ ᠥᠬᠡᠶ︔ ᠬᠠᠮᠢᠶ᠎ᠠ ᠨᠠᠮᠢᠶ᠎ᠠ ᠦᠭᠡᠢ ᠡᠯᠭᠦᠬᠦ ᠦᠭᠡᠢ︔ | ᠨᠣᠭᠤᠭᠠᠷᠠᠭᠤᠯᠤᠯᠲᠠ ᠶᠢᠨ ᠪᠦᠰᠡ᠂ ᠮᠣᠳᠣᠨ ᠴᠥᠭᠦᠷᠥᠮ ᠳᠤ ᠬᠤᠭ ᠨᠣᠪᠰᠢ᠂ ᠬᠤᠪᠠᠭ᠋ᠠᠢ ᠡᠪᠡᠰᠦ ᠣᠪᠣᠭᠠᠷᠠᠨ | ᠤᠷᠭᠤᠭᠤᠯᠬᠤ ᠥᠬᠡᠶ︔ ᠴᠢᠬᠤᠯᠠ ᠶᠡᠭᠡ ᠪᠠᠶᠠᠷ ᠤᠨ ᠡᠳᠦᠷ ᠪᠠ ᠴᠢᠬᠤᠯᠠ ᠠᠵᠢᠯᠯᠠᠭ᠎ᠠ ᠲᠣᠬᠢᠶᠠᠯᠳᠤᠪᠠᠯ | ᠬᠠᠷᠢᠭᠤᠴᠠᠬᠤ ᠣᠷᠣᠨ ᠪᠦᠰᠡ ᠶᠢᠨ ᠳᠤᠤᠷᠠᠬᠢ ᠨᠣᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠥᠮᠦᠨ ᠤ ᠵᠠᠮ ᠤᠨ | ᠮᠣᠳᠣᠨ ᠤ ᠲᠠᠲᠠᠭᠠᠯ ᠳᠠᠬᠢ ᠬᠤᠭ ᠨᠣᠪᠰᠢ ᠶᠢ ᠪᠥᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠶ᠃ | 7. ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠣᠷᠴᠢᠨ ᠲᠣᠭᠤᠷᠢᠨ ᠳᠤ ᠲᠠᠯᠪᠢᠬᠤ ᠬᠡᠷᠡᠭᠲᠡᠶ᠃ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠤᠶᠠᠷ ᠬᠠᠵᠠᠭᠤ ᠶᠢᠨ ᠵᠢᠵᠢᠭ ᠲᠣᠭᠤᠷᠢᠭ ᠤᠨ ᠠᠰᠠᠷ ᠬᠦᠷᠢᠶ᠎ᠡ ᠶᠢ | ᠡᠷᠦᠶ ᠬᠤᠷᠤᠶ ᠥᠬᠡᠶ ᠣᠪᠣᠭᠠᠯᠠᠬᠤ ᠥᠬᠡᠶ᠂ ᠳᠤᠷ᠎ᠠ ᠪᠠᠷ ᠢᠶᠠᠨ ᠪᠠᠶᠢᠭᠤᠯᠬᠤ ᠦᠭᠡᠢ᠂ ᠳᠤᠷ᠎ᠠ ᠪᠠᠷ ᠢᠶᠠᠨ ᠬᠦᠷᠢᠶᠡᠯᠡᠨ | ᠡᠵᠡᠯᠡᠬᠦ ᠦᠭᠡᠢ᠂ ᠳᠤᠷ᠎ᠠ ᠪᠠᠷ ᠢᠶᠠᠨ ᠡᠯᠭᠦᠭᠦᠯᠬᠦ ᠦᠭᠡᠢ᠂ ᠳᠤᠷ᠎ᠠ ᠪᠠᠷ ᠢᠶᠠᠨ ᠨᠠᠭᠠᠬᠤ ᠦᠭᠡᠢ᠂ ᠲᠤᠷ ᠠ ᠪᠠᠷ ᠢᠶᠠᠨ | ᠬᠠᠶᠠᠬᠤ ᠦᠭᠡᠢ︔ ᠰᠠᠭᠤᠭᠠᠯᠢ ᠲᠣᠭᠤᠷᠢᠭ ᠤᠨ ᠡᠯ᠎ᠡ ᠲᠥᠷᠥᠯ ᠤᠨ ᠣᠯᠠᠨ ᠨᠡᠶᠢᠲᠡ ᠶᠢᠨ ᠲᠥᠬᠦᠭᠡᠷᠦᠮᠵᠢ ᠪᠦᠷᠢᠨ | ᠪᠦᠲᠦᠨ ᠪᠠᠶᠢᠬᠤ ᠵᠡᠷᠭᠡ᠃ | ︵ᠳᠦᠷᠪᠡ︶ ᠠᠵᠢᠯ ᠤᠨ ᠲᠣᠭᠲᠠᠴᠠ᠃ | 1. ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠵᠡᠭᠡᠯᠢ ᠭᠤᠳᠤᠮᠵᠢ ᠶᠢᠨ | ᠳᠠᠷᠤᠭ᠎ᠠ ᠲᠦᠷᠦᠭᠦᠯᠡᠨ ᠬᠢᠵᠦ᠂ ᠬᠠᠷᠢᠭᠤᠴᠠᠵᠤ ᠪᠠᠶᠢᠭ᠎ᠠ ᠬᠤᠲᠠ ᠶᠢᠨ ᠵᠡᠭᠡᠯᠢ ᠭᠤᠳᠤᠮᠵᠢ ᠶᠢᠨ ᠣᠷᠣᠨ ᠪᠦᠰᠡ ᠶᠢ | ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ ᠲᠠᠯᠠᠪᠠᠢ ᠳᠤ | ᠲᠣᠭᠤᠷᠢᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠴᠠᠭ ᠲᠤᠬᠠᠶ ᠳᠤᠨᠢ ᠰᠢᠪᠠᠳᠠᠪᠠ᠃ ᠵᠠᠷᠴᠢᠮ ᠳᠡᠭᠡᠷ᠎ᠡ ᠪᠠᠨ ᠵᠡᠭᠡᠯᠢ ᠭᠤᠳᠤᠮᠵᠢ ᠶᠢᠨ ᠶᠡᠷᠦᠩᠬᠡᠶ ᠳᠠᠷᠤᠭ᠎ᠠ ᠰᠠᠷ᠎ᠠ ᠪᠦᠷᠢ | ᠳᠦᠷᠪᠡᠨ ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠵᠤ᠂ ᠵᠡᠭᠡᠯᠢ ᠭᠤᠳᠤᠮᠵᠢ ᠶᠢᠨ ᠳᠠᠷᠤᠭ᠎ᠠ ᠭᠠᠷᠠᠭ | ᠪᠦᠷᠢ ᠳᠦᠷᠪᠡᠨ ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠵᠤ᠂ ᠬᠢᠨᠠᠯᠳᠠ ᠲᠠᠯᠪᠢᠬᠤ ᠰᠠᠯᠠᠭ᠎ᠠ ᠮᠥᠴᠢᠷ | ᠨᠢᠭᠡᠴᠢ ᠡᠳᠦᠷ ᠪᠦᠷᠢ ᠬᠤᠶᠠᠷ ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠨ᠎ᠠ᠃ | 2. ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠣᠯᠠᠨ ᠲᠦᠮᠡᠨ ᠢ ᠭᠦᠢᠴᠡᠳ | ᠳᠠᠶᠢᠴᠢᠯᠠᠨ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠤᠨ ᠣᠯᠠᠨ ᠨᠡᠶᠢᠲᠡ ᠶᠢᠨ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ᠂ ᠬᠦᠯᠢᠶᠡᠨ | ᠠᠪᠴᠤ ᠰᠢᠢᠳᠪᠦᠷᠢᠯᠡᠬᠦ᠂ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠣᠯᠠᠨ ᠨᠡᠶᠢᠳᠠ ᠶᠢᠨ ᠣᠷᠣᠯᠴᠠᠬᠤ ᠠᠷᠭ᠎ᠠ | ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠶ᠃ ᠡᠭᠦᠨ ᠤ ᠬᠠᠮᠲᠤ᠂ ᠵᠢᠵᠢᠭ ᠲᠣᠭᠤᠷᠢᠭ ᠤᠨ ᠳᠣᠣᠷᠠᠴᠢᠯᠠᠭᠰᠠᠨ | ᠬᠢᠨᠠᠯᠲᠠ ᠲᠠᠯᠪᠢᠯᠲᠠ ᠶᠢᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠰᠠᠭᠤᠵᠤ ᠪᠠᠶᠢᠭ᠎ᠠ ᠠᠯᠪᠠᠨ ᠲᠤᠰᠢᠶᠠᠯᠲᠠᠨ | ᠪᠣᠯ ᠲᠣᠰ ᠬᠠᠷᠢᠭᠤᠴᠠᠯᠭᠠᠲᠤ ᠣᠷᠣᠨ ᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠪᠣᠯᠬᠤ ᠲᠤᠯᠠ ᠬᠢᠨᠠᠯᠲᠠ | ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠱᠢᠶᠡᠴᠢ ᠪᠠᠷ ᠲᠦᠷᠦᠭᠦᠯᠡᠨ ᠭᠦᠢᠴᠡᠳᠭᠡᠬᠦ ᠶᠢᠨ ᠬᠠᠮᠲᠤ | ᠬᠢᠨᠠᠯᠲᠠ ᠲᠠᠯᠪᠢᠯᠲᠠ ᠪᠠᠨ ᠭᠦᠢᠴᠡᠳᠭᠡᠬᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠡᠯ᠎ᠡ | ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠵᠡᠭᠡᠯᠢ ᠭᠤᠳᠤᠮᠵᠢ ᠶᠢᠨ ᠳᠠᠷᠤᠭ᠎ᠠ ᠶᠢᠨ ᠨᠡᠷᠡᠰ ᠢ ᠨᠡᠶᠢᠭᠡᠮ | ᠨᠡᠶᠢᠲᠡ ᠳᠤ ᠵᠠᠷᠯᠠᠵᠤ᠂ ᠡᠯ᠎ᠡ ᠵᠡᠭᠡᠯᠢ ᠭᠤᠳᠤᠮᠵᠢ ᠶᠢᠨ ᠢᠯᠡᠷᠬᠡᠶ ᠪᠠᠶᠢᠷᠢᠨ ᠳᠤ ᠵᠡᠭᠡᠯᠢ ᠭᠤᠳᠤᠮᠵᠢ ᠶᠢᠨ ᠳᠠᠷᠤᠭ᠎ᠠ ᠶᠢᠨ | ᠢᠯᠡ ᠨᠡᠶᠢᠲᠡᠯᠡᠬᠦ ᠫᠠᠶᠢᠰᠠ ᠲᠣᠬᠢᠷᠠᠭᠤᠯᠵᠤ᠂ ᠵᠡᠭᠡᠯᠢ ᠭᠤᠳᠤᠮᠵᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ | ᠬᠢᠨᠠᠯᠲᠠ ᠬᠠᠮᠢᠶᠠᠷᠤᠯᠲᠠ ᠶᠢᠨ ᠵᠠᠮ ᠤᠨ ᠬᠡᠰᠡᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ | ᠲᠣᠳᠣᠷᠬᠠᠶᠢᠯᠠᠵᠤ᠂ ᠨᠡᠶᠢᠭᠡᠮ ᠤᠨ ᠬᠢᠨᠠᠯᠳᠠ ᠲᠠᠯᠪᠢᠬᠤ ᠶᠢ ᠬᠦᠯᠢᠶᠡᠬᠦ ᠬᠡᠷᠡᠭᠲᠡᠶ᠃ | 3. ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ︽ᠵᠡᠭᠡᠯᠢ ᠭᠤᠳᠤᠮᠵᠢ ᠶᠢᠨ | ᠳᠠᠷᠤᠭ᠎ᠠ ᠶᠢᠨ ᠳᠦᠷᠢᠮ︾ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ | ᠪᠠᠶᠢᠭᠤᠯᠤᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠢᠨᠠᠨ ᠰᠢᠯᠭᠠᠯᠲᠠ ᠶᠢ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠭᠤᠨ ᠤ ᠬᠤᠪᠢ ᠶᠢᠨ ᠳᠦᠷᠢᠮ ᠤᠨ | ᠬᠠᠮᠢᠶᠠᠷᠤᠯᠳᠠ ᠶᠢᠨ ᠠᠷᠭ᠎ᠠ ᠶᠢ ᠲᠣᠭᠲᠠᠭᠠᠵᠤ ᠬᠤᠪᠢ ᠣᠯᠭᠤᠨ᠎ᠠ᠃ ᠡᠳᠦᠷ ᠲᠤᠲᠤᠮ ᠤᠨ ᠠᠵᠢᠯ ᠤᠨ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠳᠦᠰᠦᠯᠡᠨ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠤᠪᠢ ᠶᠢ ᠬᠠᠰᠤᠵᠤ᠂ ᠬᠠᠰᠤᠭᠰᠠᠨ ᠤ ᠳᠠᠷᠠᠭ᠎ᠠ ᠮᠥᠨ ᠬᠦ | ᠵᠣᠬᠢᠬᠤ ᠬᠤᠪᠢ ᠳᠤ ᠬᠦᠷᠴᠦ ᠳᠡᠶᠢᠯᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠠᠮᠵᠢᠯᠲᠠ | ᠪᠦᠲᠦᠮᠵᠢ ᠶᠢᠨ ᠱᠠᠩᠨᠠᠯ ᠣᠯᠭᠤᠨ᠎ᠠ᠃ ᠡᠭᠦᠨ ᠢᠶᠠᠷ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠤ | ᠠᠵᠢᠯ ᠤᠨ ᠢᠳᠡᠪᠬᠢᠵᠢᠯ ᠢ ᠭᠦᠢᠴᠡᠳ ᠬᠦᠭᠵᠢᠭᠦᠯᠦᠨ᠎ᠡ᠃ ᠺᠠᠳ᠋ᠷ ᠠᠵᠢᠯᠲᠠᠨ ᠠᠵᠢᠯᠴᠢᠨ ᠤ ᠬᠢᠨᠠᠨ ᠰᠢᠯᠭᠠᠯᠲᠠ ᠶᠢ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠠᠵᠢᠯ ᠤᠨ ᠪᠣᠳᠠᠲᠤ ᠠᠮᠵᠢᠯᠲᠠ | ᠵᠢᠴᠢ ᠬᠠᠷᠢᠭᠤᠴᠠᠵᠤ ᠪᠠᠶᠢᠭ᠎ᠠ ᠵᠡᠭᠡᠯᠢ ᠭᠤᠳᠤᠮᠵᠢ ᠶᠢᠨ ᠶᠡᠷᠦᠩᠬᠡᠶ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ | ᠠᠳᠠᠯᠢᠳᠬᠠᠨ ᠰᠢᠯᠭᠠᠷᠠᠭᠤᠯᠤᠨ᠎ᠠ᠃ ᠯᠠᠪᠳᠠᠭᠤᠨ ᠪᠠᠲᠤᠲᠠᠶ ᠠᠵᠢᠯᠯᠠᠵᠤ᠂ ᠢᠳᠡᠪᠬᠢᠲᠡᠶ ᠪᠠᠷ ᠳᠠᠪᠰᠢᠬᠤ ᠬᠥᠮᠦᠰ ᠢ | ᠬᠥᠮᠦᠵᠢᠭᠦᠯᠵᠦ᠂ ᠵᠢᠯ ᠤᠨ ᠡᠴᠦᠰ ᠤᠨ ᠰᠢᠯᠢᠳᠡᠭ ᠢ ᠰᠢᠯᠭᠠᠷᠠᠭᠤᠯᠤᠨ ᠰᠣᠩᠭᠤᠬᠤ ᠪᠡᠯᠡᠳᠬᠡᠯ ᠤᠨ ᠲᠠᠯ᠎ᠠ ᠪᠠᠷ ᠡᠩ | ᠲᠡᠷᠢᠭᠦᠨ ᠳᠤ ᠪᠣᠳᠣᠯᠬᠢᠯᠠᠵᠤ᠂ ᠠᠵᠢᠯ ᠤᠨ ᠳᠤᠮᠳᠠ ᠲᠦᠯᠬᠢᠯᠴᠡᠨ ᠨᠠᠵᠠᠭᠠᠶᠢᠷᠠᠨ ᠠᠷᠭᠠᠴᠠᠭᠠᠭᠰᠠᠳ ᠲᠤ ᠪᠣᠯᠵᠣᠨ | ᠬᠥᠮᠦᠵᠢᠯ ᠬᠢᠬᠦ ᠬᠡᠷᠡᠭᠲᠡᠶ᠃ ᠴᠢᠬᠤᠯᠠᠲᠠᠶ ᠦᠶ᠎ᠡ ᠳᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ | ᠡᠬᠢᠯᠡᠭᠦᠯᠦᠨ ᠰᠢᠢᠳᠪᠦᠷᠢᠯᠡᠬᠦ ᠬᠡᠷᠡᠭᠲᠡᠶ᠃ | ᠭᠤᠷᠪᠠ᠂ ︽ᠲᠥᠰᠦᠯ︾ ᠤᠨ ᠬᠡᠷᠡᠭᠯᠡᠯᠲᠡ ᠪᠠ ᠬᠦᠴᠦᠨ ᠲᠠᠢ ᠬᠤᠭᠤᠴᠠᠭ᠎ᠠ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠲᠣᠰ ︽ᠲᠥᠰᠦᠯ︾ ᠤᠨ | ᠶᠣᠰᠣᠭᠠᠷ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠃ ︽ᠲᠥᠰᠦᠯ︾ ᠳᠤ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠥᠬᠦᠶ ᠲᠥᠷᠥ ᠶᠢᠨ ᠪᠤᠳᠤᠯᠭ᠎ᠠ ᠶᠢᠨ ᠲᠣᠭᠲᠠᠭᠠᠯ ᠲᠠᠢ ᠨᠢᠭᠡᠳᠦᠯ | ᠥᠬᠡᠶ ᠵᠦᠢᠯ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |