︽ᠹᠧᠩᠵᠧᠨ ᠬᠤᠲᠠ ᠶᠢᠨ 2020 ᠣᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/18
  ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2020 ᠣᠨ ᠤ 5 ᠰᠠᠷ᠎ᠠ ᠶᠢᠨ 29 ᠤ ᠡᠳᠦᠷ ︽ᠹᠧᠩᠵᠧᠨ ᠬᠤᠲᠠ ᠶᠢᠨ 2020 ᠣᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠯᠠᠨ ᠲᠠᠷᠬᠠᠭᠠᠵᠤ᠂ ᠡᠳᠦᠭᠡ ᠲᠣᠭᠲᠠᠭᠠᠭᠰᠠᠨ ᠬᠤᠯᠪᠣᠭᠳᠠᠯ ᠪᠦᠬᠦᠢ ᠪᠠᠶᠢᠳᠠᠯ ᠢ ᠳᠣᠤᠷᠠᠬᠢ ᠮᠡᠲᠦ ᠲᠣᠳᠣᠷᠬᠠᠶᠢᠯᠠᠶ᠎ᠠ᠄    ᠨᠢᠭᠡ᠂ ︽ᠲᠥᠰᠦᠯ︾ ᠢ ᠲᠣᠭᠲᠠᠭᠠᠭᠰᠠᠨ ᠠᠬᠤᠶ ᠪᠠᠶᠢᠳᠠᠯ    ᠮᠠᠨ ᠤ ᠬᠤᠲᠠ ᠶᠢᠨ 2020 ᠤᠨ ᠤ ᠭᠠᠵᠠᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ︽ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ᠤᠨ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ︽ᠹᠧᠩᠵᠧᠨ ᠬᠤᠲᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ︾ ᠳᠠᠬᠢ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠪᠣᠯᠤᠨ ᠭᠤᠤᠯ ᠡᠭᠦᠷᠭᠡ ᠶᠢ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠨᠠᠶᠢᠷᠠᠭᠤᠯᠤᠨ ᠵᠣᠬᠢᠶᠠᠪᠠ᠃     ᠬᠤᠶᠠᠷ᠂ 2020 ᠤᠨ ᠤ ᠪᠦᠬᠦ ᠬᠤᠲᠠ ᠶᠢᠨ ᠭᠠᠵᠠᠷ ᠤᠨ ᠭᠠᠮᠰᠢᠭ ᠢ ᠤᠷᠢᠳᠴᠢᠯᠠᠨ ᠮᠡᠳᠡᠭᠡᠯᠡᠬᠦ ᠠᠭᠤᠯᠭ᠎ᠠ     ︵ᠨᠢᠭᠡ︶ 2020 ᠤᠨ ᠤ ᠪᠦᠬᠦ ᠬᠤᠲᠠ ᠶᠢᠨ ᠭᠠᠵᠠᠷ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ᠂ ᠰᠡᠷᠭᠡᠶᠢᠯᠡᠬᠦ ᠣᠷᠣᠨ     ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ᠂ ᠰᠡᠷᠭᠡᠶᠢᠯᠡᠬᠦ ᠣᠷᠣᠨ ᠪᠦᠰᠡ ᠨᠢ ᠹᠧᠩᠵᠧᠨ ᠬᠤᠲᠠ ᠶᠢᠨ ᠬᠢᠯᠢ ᠶᠢᠨ ᠳᠣᠲᠣᠷᠠᠬᠢ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠪᠠᠶᠢᠷᠢᠯᠠᠵᠤ᠂ ᠭᠤᠣᠯᠳᠠᠭᠤ ᠪᠣᠭᠤᠨᠢ ᠠᠭᠤᠯᠠ ᠳᠣᠪᠣᠷᠬᠠᠭ ᠭᠠᠵᠠᠷ ᠤᠨ ᠪᠠᠶᠢᠴᠠ ᠪᠠᠷ ᠭᠤᠣᠯ ᠪᠣᠯᠭᠠᠵᠤ᠂ ᠳᠠᠯᠠᠶ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠳᠤᠮᠳᠠᠴᠢ ᠥᠨᠳᠥᠷ ᠨᠢ 1400m ᠣᠷᠴᠢᠮ ᠪᠠᠶᠢᠵᠤ᠂ ᠬᠠᠭᠤᠷᠠᠶ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ᠃ ᠬᠢᠷᠠᠭᠤ ᠦᠭᠡᠢ ᠬᠤᠭᠤᠴᠠᠭ᠎ᠠ ᠨᠢ 120 ᠡᠳᠦᠷ ᠪᠣᠯᠤᠨ᠎ᠠ᠃ ᠵᠢᠯ ᠤᠨ ᠳᠤᠮᠳᠠᠴᠢ ᠪᠣᠷᠣᠭᠠᠨ ᠤ ᠬᠡᠮᠵᠢᠶ᠎ᠡ ᠨᠢ 400mm ᠣᠷᠴᠢᠮ ᠪᠠᠶᠢᠵᠤ᠂ ᠪᠣᠷᠣᠭᠠᠨ ᠤ ᠤᠯᠠᠷᠢᠯ ᠨᠢ 7 — 9 ᠰᠠᠷ᠎ᠠ ᠳᠤ ᠲᠥᠪᠯᠡᠷᠡᠵᠦ ᠪᠠᠶᠢᠨ᠎ᠠ᠃     ︵ᠬᠤᠶᠠᠷ︶ ᠭᠠᠵᠠᠷ ᠤᠨ ᠭᠠᠮᠰᠢᠭ ᠤᠨ ᠲᠥᠷᠥᠯ ᠬᠡᠯᠪᠡᠷᠢ᠂ ᠲᠠᠷᠬᠠᠯᠲᠠ ᠵᠢᠴᠢ ᠬᠥᠨᠥᠭᠡᠯ     ᠭᠠᠵᠠᠷ ᠤᠨ ᠭᠠᠶ ᠭᠠᠮᠰᠢᠭ ᠤᠨ ᠲᠥᠷᠥᠯ ᠵᠦᠢᠯ ᠨᠢ ᠭᠤᠤᠯᠳᠠᠭᠤ ᠰᠢᠪᠠᠷ ᠴᠢᠯᠠᠭᠤᠨ ᠤᠷᠤᠰᠬᠠᠯ᠂ ᠶᠡᠭᠦᠷᠡᠬᠦ ᠪᠠ ᠨᠤᠷᠠᠬᠤ ᠪᠠᠶᠢᠵᠦ᠂ ᠪᠦᠬᠦ ᠬᠤᠲᠠ ᠶᠢᠨ ᠬᠡᠪᠴᠢᠶᠡᠨ ᠳᠤ ᠨᠡᠶᠢᠲᠡ 43 ᠭᠠᠵᠠᠷ ᠬᠤᠯᠪᠣᠭᠳᠠᠵᠤ᠂ ᠭᠤᠣᠯᠳᠠᠭᠤ ᠰᠠᠨ ᠢ ᠴᠢᠤᠸᠠᠨ ᠪᠠᠯᠭᠠᠰᠤ᠂ ᠬᠤᠩ ᠱᠠ ᠪᠠ ᠪᠠᠯᠭᠠᠰᠤ ᠪᠠ ᠬᠤᠨ ᠶᠤᠸᠠᠨ ᠶᠣᠣ ᠰᠢᠶᠠᠩ ᠳᠤ ᠲᠠᠷᠬᠠᠵᠤ ᠪᠠᠶᠢᠨ᠎ᠠ᠃ ᠡᠭᠦᠨ ᠤ ᠳᠣᠲᠣᠷ᠎ᠠ᠄ ᠰᠠᠨ ᠢ ᠴᠢᠤᠸᠠᠨ ᠪᠠᠯᠭᠠᠰᠤᠨ ᠤ ᠬᠤᠩ ᠴᠢ ᠭᠧᠦ — — ᠰᠤᠸᠠᠨ ᠼᠢ ᠸᠠᠨ ᠣᠷᠴᠢᠮ ᠪᠣᠯᠤᠨ ᠬᠤᠩ ᠱᠠ ᠪᠠ ᠪᠠᠯᠭᠠᠰᠤᠨ ᠤ ᠪᠠᠶ ᠲᠠ ᠭᠸᠦ ᠲᠣᠰᠬᠤᠨ ᠤ ᠬᠤᠶᠠᠷ ᠬᠠᠵᠠᠭᠤ ᠳᠤ ᠪᠠᠶᠢᠷᠢᠯᠠᠨ᠎ᠠ᠃ ᠭᠤᠣᠯ ᠤᠨ ᠵᠠᠮ ᠢᠪᠴᠤᠤ᠂ ᠤᠷᠤᠰᠬᠠᠯ ᠨᠢ ᠰᠢᠯᠤᠭᠤᠨ ᠪᠢᠰᠢ ᠪᠠᠶᠢᠳᠠᠭ ᠠᠴᠠ ᠪᠣᠷᠣᠭᠠᠨ ᠤ ᠤᠯᠠᠷᠢᠯ ᠲᠥᠪᠯᠡᠷᠡᠭᠰᠡᠨ 7 — 9 ᠰᠠᠷ᠎ᠠ ᠳᠤ ᠦᠷᠭᠦᠯᠵᠢ ᠠᠭᠤᠯᠠ ᠦᠶᠡᠷᠯᠡᠬᠦ ᠪᠠᠶᠢᠳᠠᠯ ᠢᠯᠡᠷᠡᠵᠦ᠂ ᠶᠡᠭᠡ ᠬᠡᠪᠴᠢᠶᠡᠨ ᠤ ᠭᠤᠯᠭᠤᠯᠲᠠ ᠪᠠ ᠰᠢᠪᠠᠷ ᠴᠢᠯᠠᠭᠤᠨ ᠤᠷᠤᠰᠬᠠᠯ ᠠᠮᠠᠷᠬᠠᠨ ᠡᠭᠦᠰᠦᠨ᠎ᠡ᠃ ᠰᠦᠷᠳᠡᠭᠦᠯᠦᠭᠳᠡᠬᠦ ᠡᠲᠡᠭᠡᠳ ᠨᠢ ᠳᠣᠣᠷᠠᠳᠤ ᠤᠷᠤᠰᠬᠠᠯ ᠤᠨ ᠲᠠᠷᠢᠶᠠᠨ ᠭᠠᠵᠠᠷ᠂ ᠭᠡᠷ ᠪᠠᠶᠢᠰᠢᠩ᠂ ᠵᠠᠰᠠᠮᠠᠯ ᠵᠠᠮ᠂ ᠬᠥᠭᠦᠷᠭᠡ ᠵᠡᠷᠭᠡ ᠪᠣᠯᠤᠨ᠎ᠠ᠃ ᠾᠦᠨ ᠶᠤᠸᠠᠨ ᠶᠣᠣ ᠰᠢᠶᠠᠩ ᠤᠨ ᠴᠢᠶᠠᠨ ᠶᠣᠣ ᠼᠦᠨ ᠲᠣᠰᠬᠤᠨ᠂ ᠾᠧᠦ ᠶᠣᠣ ᠼᠦᠨ ᠲᠣᠰᠬᠤᠨ ᠪᠣᠷᠣᠭᠠᠨ ᠤ ᠤᠯᠠᠷᠢᠯ ᠪᠤᠶᠤ ᠡᠩ ᠤᠨ ᠦᠶ᠎ᠡ ᠳᠤ ᠠᠮᠠᠷᠬᠠᠨ ᠨᠤᠷᠠᠵᠤ ᠶᠡᠭᠦᠷᠡᠬᠦ ᠪᠤᠶᠤ ᠶᠡᠭᠦᠷᠡᠬᠦ ᠦᠵᠡᠭᠳᠡᠯ ᠭᠠᠷᠳᠠᠭ᠃ ᠴᠢᠯᠠᠭᠤᠯᠢᠭ ᠤᠨ ᠨᠤᠷᠠᠯᠲᠠ ᠨᠢ ᠦᠷᠭᠦᠯᠵᠢ ᠰᠠᠨ ᠢ ᠴᠢᠤᠸᠠᠨ ᠪᠠᠯᠭᠠᠰᠤᠨ ᠤ ᠳ᠋ᠠ ᠴᠢᠤᠸᠠᠨ ᠪᠠᠭ᠎ᠠ ᠰᠤᠷᠭᠠᠭᠤᠯᠢ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠳᠤ ᠡᠭᠦᠰᠳᠡᠭ᠃ ᠭᠠᠵᠠᠷ ᠰᠢᠨᠵᠢᠯᠡᠭᠡᠨ ᠤ ᠭᠠᠮᠰᠢᠭ ᠨᠡᠯᠢᠶᠡᠳ ᠬᠦᠨᠳᠦ ᠨᠣᠴᠢᠲᠠᠶ ᠪᠠᠶᠢᠵᠤ᠂ ᠨᠠᠰᠢ ᠴᠠᠰᠢ ᠶᠠᠪᠤᠬᠤ ᠲᠡᠷᠭᠡ ᠬᠥᠰᠬᠡ᠂ ᠶᠠᠪᠠᠭᠠᠨ ᠬᠥᠮᠦᠨ ᠵᠡᠷᠭᠡ ᠶᠢ ᠰᠦᠷᠳᠡᠭᠦᠯᠵᠦ ᠪᠠᠶᠢᠨ᠎ᠠ᠃ ᠡᠭᠦᠨ ᠠᠴᠠ ᠭᠠᠳᠠᠨ᠎ᠠ᠂ ᠭᠤᠣᠯ ᠪᠣᠯᠬᠤ ᠵᠠᠮ ᠬᠠᠷᠢᠯᠴᠠᠭᠠᠨ ᠤ ᠭᠤᠣᠯ ᠱᠤᠭᠤᠮ ᠤᠨ ᠬᠤᠶᠠᠷ ᠲᠠᠯ᠎ᠠ ᠶᠢᠨ ᠬᠠᠶᠠᠭᠳᠠᠮᠠᠯ ᠬᠠᠶᠢᠷ ᠴᠢᠯᠠᠭᠤᠨ ᠠᠭᠤᠷᠬᠠᠢ ᠶᠢᠨ ᠠᠮᠠ ᠪᠠ ᠭᠢᠯᠲᠠᠭᠠᠨᠠᠮ᠎ᠠ ᠨᠣᠭᠤᠭᠠᠨ ᠴᠢᠯᠠᠭᠤᠯᠢᠭ᠂ ᠬᠦᠷᠮᠡᠨ ᠴᠢᠯᠠᠭᠤᠯᠢᠭ ᠤᠨ ᠨᠦᠬᠡ ᠶᠢᠨ ᠠᠮᠠ ᠨᠢ ᠠᠮᠠᠷᠬᠠᠨ ᠠᠭᠤᠯᠠᠨ ᠦᠶᠡᠷ ᠰᠢᠪᠠᠷ ᠴᠢᠯᠠᠭᠤᠨ ᠤᠷᠤᠰᠬᠠᠯ ᠢ ᠠᠪᠴᠤ ᠶᠠᠪᠤᠳᠠᠭ᠃      ︵ᠭᠤᠷᠪᠠ︶ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ     ᠹᠧᠩᠵᠧᠨ ᠬᠤᠲᠠ ᠶᠢᠨ ᠭᠠᠵᠠᠷ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭ᠎ᠠ ᠪᠣᠯ ᠦᠶᠡᠷ ᠤᠨ ᠬᠤᠭᠤᠴᠠᠭ᠎ᠠ ᠪᠣᠯᠤᠨ᠎ᠠ᠂ ᠳᠠᠷᠤᠶ 6 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠤᠨ᠎ᠠ᠃ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠯ᠎ᠡ ᠲᠠᠯ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠤᠣᠯᠳᠠᠯᠭ᠎ᠠ ᠲᠠᠢ ᠰᠡᠷᠭᠡᠶᠢᠯᠡᠬᠦ ᠪᠠᠶᠢᠳᠠᠯ ᠳᠤ ᠴᠠᠭ ᠲᠤᠬᠠᠶ ᠳᠤᠨᠢ ᠣᠷᠣᠵᠤ᠂ ᠦᠶᠡᠷ ᠤᠨ ᠬᠤᠭᠤᠴᠠᠭᠠᠨ ᠳᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ ᠳᠦᠷᠢᠮ ᠢ ᠨᠠᠶᠢᠳᠠᠪᠤᠷᠢᠵᠢᠭᠤᠯᠵᠤ᠂ ᠦᠶᠡᠷ ᠢ ᠠᠮᠤᠷ ᠲᠦᠪᠰᠢᠨ ᠥᠩᠭᠡᠷᠡᠭᠦᠯᠬᠦ ᠶᠢ ᠪᠠᠲᠤᠯᠠᠨ᠎ᠠ᠃ ᠭᠠᠵᠠᠷ ᠤᠨ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃     ᠭᠤᠷᠪᠠ᠂ ᠤᠳᠤᠷᠢᠳᠬᠤ ᠪᠠᠶᠢᠭᠤᠯᠤᠮᠵᠢ ᠵᠤᠬᠢᠶᠠᠨ ᠪᠠᠶᠢᠭᠤᠯᠬᠤ ᠵᠢᠴᠢ ᠳᠤᠭᠤᠶᠢᠯᠠᠩ ᠬᠤᠪᠢᠶᠠᠬᠤ     ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠶᠢᠨ ᠲᠦᠯᠦᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠤᠳᠤᠯᠤᠯᠳᠠ ᠪᠠᠷ ᠳᠠᠮᠵᠢᠨ᠂ ᠹᠧᠩᠵᠧᠨ ᠬᠤᠲᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠵᠢᠯᠣᠭᠤᠳᠬᠤ ᠭᠠᠵᠠᠷ ᠪᠠᠶᠢᠭᠤᠯᠵᠤ᠂ ᠪᠦᠷᠢᠯᠳᠦᠬᠦᠨ ᠨᠢ ᠳᠣᠤᠷᠠᠬᠢ ᠮᠡᠲᠦ᠄     ᠶᠡᠷᠦᠩᠬᠡᠶ ᠵᠢᠭᠠᠯᠲᠠ᠄ ᠸᠠᠩ ᡁᠢ ᠶᠦᠩ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ     ᠶᠡᠷᠦᠩᠬᠡᠶ ᠵᠢᠯᠣᠭᠤᠳᠣᠭᠴᠢ᠄ ᠵᠠᠩ ᠬᠤᠩ  ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ     ᠸᠠᠩ ᠵᠢᠶᠠᠨ ᠰᠢ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠭᠡᠰᠢᠭᠦᠨ᠄ ᠸᠠᠩ ᠵᠢᠶᠠᠨ ᠶᠢᠩ  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ     ᠸᠠᠩ ᠳ᠋ᠦᠩ ᠯᠢ  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ     ᠸᠠᠩ ᠶᠣᠣ ᠸᠧᠨ  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ‌‍ᠤ ᠲᠣᠪᠴᠢᠶᠠᠨ ᠳᠠᠷᠤᠭ᠎ᠠ     ᠯᠢᠦ ᠬᠦᠶ ᠱᠧᠩ  ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ     ᠵᠠᠩ ᠸᠧᠶ ᠱᠢ  ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ     ᠵᠠᠩ ᠶᠦᠨ ᠹᠧᠩ  ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ     ᠯᠢ ᠵᠧᠨ ᠯᠢᠨ  ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ     ᠸᠠᠩ ᠢᠦᠶ ᠴᠧᠩ  ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ     ᠭᠤᠤ ᠵᠢᠶᠠᠨ ᠹᠧᠩ  ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ    ᠵᠠᠩ ᠶᠤᠸᠠᠢ ᠬᠤᠩ  ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ    ᠢᠦᠶ ᡁᠢ ᠵᠥᠩ  ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ    ᠱᠢ ᠴᠢᠶᠠᠩ  ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ    ᠱᠠᠩ ᠵᠢᠩ ᠭᠤᠸᠠᠩ  ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ    ᠰᠦᠩ ᠱᠢ ᠪᠢᠨ  ᠬᠤᠲᠠ ᠶᠢᠨ ᠴᠠᠬᠢᠯᠭᠠᠨ ᠬᠠᠩᠭᠠᠬᠤ ᠲᠣᠪᠴᠢᠶᠠᠨ ᠤ ᠲᠣᠪᠴᠢᠶᠠᠨ ᠳᠠᠷᠤᠭ᠎ᠠ    ᠸᠠᠩ ᠵᠢᠩ ᠫᠢᠩ  ᠬᠤᠲᠠ ᠶᠢᠨ ᠴᠠᠭ ᠠᠭᠤᠷ ᠤᠨ ᠲᠣᠪᠴᠢᠶᠠᠨ ᠤ ᠲᠣᠪᠴᠢᠶᠠᠨ ᠳᠠᠷᠤᠭ᠎ᠠ     ᠶᠢᠨ ᠹᠸᠢ ᠴᠢᠩ   ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ    ᠯᠢᠶᠠᠩ ᠵᠢᠦ ᠳᠠᠩ  ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ    ᠬᠤ᠋ ᠵᠢᠶᠠᠨ ᠰᠢᠶᠦ᠋ᠩ  ᠬᠤᠲᠠ ᠶᠢᠨ ᠡᠮᠨᠡᠯᠭᠡ ᠶᠢᠨ ᠬᠤᠷᠢᠶᠠᠨ ᠤ ᠳᠠᠷᠤᠭ᠎ᠠ    ᠱᠢ ᡁᠢ ᠴᠢᠶᠠᠩ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠰᠠᠯᠠᠭᠠᠨ ᠲᠡᠰ ᠤᠨ ᠺᠠᠳ᠋ᠷ    ᠵᠢᠶᠠ ᠰᠢᠶᠣᠤ ᠬᠤᠩ   ᠰᠢᠯᠵᠢᠮᠡᠯ ᠬᠤᠯᠪᠣᠭᠠᠨ ᠤ ᠺᠣᠮᠫᠠᠨᠢ ᠶᠢᠨ ᠳᠠᠭᠠᠭᠠᠮᠠᠯ    ᠲᠢᠶᠠᠨ ᠵᠢᠶᠠᠨ ᠡᠤ   ᠬᠤᠯᠪᠣᠭᠠᠲᠤ ᠬᠤᠯᠪᠣᠭᠠᠨ ᠤ ᠺᠣᠮᠫᠠᠨᠢ ᠶᠢᠨ ᠳᠠᠭᠠᠭᠠᠮᠠᠯ    ᠸᠠᠩ ᠶᠦᠩ ᠬᠤᠩ   ᠴᠠᠬᠢᠯᠭᠠᠨ ᠬᠤᠯᠪᠣᠭ᠎ᠠ ᠬᠤᠯᠪᠣᠭᠠᠨ ᠤ ᠺᠣᠮᠫᠠᠨᠢ ᠶᠢᠨ ᠳᠠᠭᠠᠭᠠᠮᠠᠯ    ᠵᠢᠶᠠ ᠰᠢᠤᠸᠠᠢ ᠹᠧᠩ   ᠵᠢᠤᠢ ᠪᠦᠦ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ    ᠨᠢᠶᠧ ᠬᠠᠢ  ᠵᠢᠶᠦ᠋ᠨ   ᠯᠦᠩ ᠱᠧᠩ ᠵᠤᠸᠠᠩ ᠪᠠᠯᠭᠠᠰᠤᠨ ᠤ ᠪᠠᠯᠭᠠᠰᠤᠨ ᠳᠠᠷᠤᠭ᠎ᠠ    ᠶᠤᠸᠠᠨ ᠵᠢᠶᠦ᠋ᠨ ᠭᠠᠩ  ᠰᠠᠨ ᠢ ᠴᠢᠤᠸᠠᠨ ᠪᠠᠯᠭᠠᠰᠤᠨ ᠤ ᠪᠠᠯᠭᠠᠰᠤᠨ ᠳᠠᠷᠤᠭ᠎ᠠ    ᠶᠠᠨ ᠰᠢᠶᠣᠤ ᠯᠢ   ᠾᠧᠢ ᠲᠤ ᠲᠠᠢ ᠪᠠᠯᠭᠠᠰᠤᠨ ᠤ ᠪᠠᠯᠭᠠᠰᠤᠨ ᠳᠠᠷᠤᠭ᠎ᠠ    ᠶᠠᠩ ᠵᠧᠨ ᠬᠤᠸᠠ   ᠬᠤᠩ ᠱᠠ ᠪᠠ ᠪᠠᠯᠭᠠᠰᠤᠨ ᠤ ᠪᠠᠯᠭᠠᠰᠤᠨ ᠳᠠᠷᠤᠭ᠎ᠠ    ᠳ᠋ᠢᠩ ᠰᠢᠶᠣᠤ ᠳ᠋ᠦᠩ   ᠬᠤᠨ ᠶᠤᠸᠠᠨ ᠶᠣᠣ ᠰᠢᠶᠠᠩ ᠤᠨ ᠳᠠᠷᠤᠭ᠎ᠠ    ᠯᠢ ᠰᠢᠨ ᠮᠢᠨ   ᠶᠤᠸᠠᠨ ᠱᠠᠨ ᠽᠢ ᠰᠢᠶᠠᠩ ᠤᠨ ᠳᠠᠷᠤᠭ᠎ᠠ    ᠭᠦ ᠮᠤᠤ   ᠭᠤᠸᠠᠨ ᠲᠦᠨ ᠪᠦ᠋ ᠰᠢᠶᠠᠩ ᠤᠨ ᠳᠠᠷᠤᠭ᠎ᠠ    ᠵᠧᠩ ᠵᠢᠶᠠᠩ   ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠭᠠᠵᠠᠷ ᠰᠢᠨᠵᠢᠯᠡᠭᠡᠨ ᠤ ᠭᠠᠢ ᠭᠠᠮᠰᠢᠭ ᠢ ᠵᠢᠯᠣᠭᠤᠳᠬᠤ ᠭᠠᠵᠠᠷ ᠤᠨ ᠳᠣᠣᠷ᠎ᠠ ᠠᠯᠪᠠᠨ ᠭᠡᠷ ᠭᠠᠷᠭᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠱᠢ ᡁᠢ ᠴᠢᠶᠠᠩ ᠨᠥᠬᠦᠷ ᠬᠠᠪᠰᠤᠷᠭᠠᠨ ᠡᠭᠦᠷᠭᠡᠯᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄ ᠵᠢᠯᠣᠭᠤᠳᠬᠤ ᠭᠠᠵᠠᠷ ᠤᠨ ᠡᠯ᠎ᠡ ᠵᠦᠢᠯ ᠤᠨ ᠵᠢᠭᠠᠪᠤᠷᠢ᠂ ᠵᠠᠷᠯᠢᠭ ᠢ ᠦᠨᠳᠦᠰᠦᠯᠡᠨ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠤᠯᠲᠠ ᠵᠡᠷᠭᠡ ᠠᠵᠢᠯ ᠢ ᠵᠣᠬᠢᠴᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠣᠨᠢᠨ ᠮᠡᠳᠡᠭᠡ ᠮᠡᠳᠡᠭᠡᠯᠡᠬᠦ᠂ ᠬᠦᠯᠢᠶᠡᠨ ᠠᠪᠴᠤ ᠲᠣᠬᠤᠨᠢᠭᠤᠯᠬᠤ ᠵᠢᠴᠢ ᠮᠡᠳᠡᠭᠡ ᠵᠠᠩᠭᠢ ᠶᠢᠨ ᠬᠤᠯᠪᠣᠭ᠎ᠠ ᠠᠪᠬᠤ ᠵᠡᠷᠭᠡ ᠡᠯ᠎ᠡ ᠵᠦᠢᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃    ᠵᠢᠯᠣᠭᠤᠳᠬᠤ ᠭᠠᠵᠠᠷ ᠤᠨ ᠳᠣᠣᠷ᠎ᠠ 7 ᠲᠤᠰᠬᠠᠢ ᠳᠤᠭᠤᠶᠢᠯᠠᠩ ᠭᠠᠷᠭᠠᠪᠠ᠄    1. ᠪᠠᠴᠢᠮ ᠭᠠᠮᠰᠢᠭ ᠠᠴᠠ ᠠᠪᠤᠷᠬᠠᠤ ᠳᠤᠭᠤᠶᠢᠯᠠᠩ    ᠬᠤᠲᠠ ᠶᠢᠨ ᠵᠠᠰᠠᠭ ᠤᠨ ᠣᠷᠳᠣᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ  ᠵᠢᠭᠤᠯᠴᠢᠯᠠᠯ ᠤᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠪᠦᠷᠢᠯᠳᠦᠨ᠎ᠡ᠃    ᠭᠤᠣᠯ ᠡᠭᠦᠷᠭᠡ ᠬᠠᠷᠢᠭᠤᠴᠠᠯᠭ᠎ᠠ᠄ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ ᠭᠠᠮᠰᠢᠭᠳᠠᠭᠰᠠᠨ ᠬᠥᠮᠦᠰ ᠢ ᠠᠪᠤᠷᠠᠬᠤ᠂ ᠭᠠᠮᠰᠢᠭ ᠤᠨ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠢ ᠳᠠᠶᠢᠴᠢᠯᠠᠨ ᠲᠠᠷᠬᠠᠭᠠᠵᠤ ᠭᠠᠮᠰᠢᠭ ᠠᠴᠠ ᠵᠠᠶᠢᠯᠠᠭᠤᠯᠵᠦ᠂ ᠪᠠᠶᠢᠳᠠᠯ ᠪᠠᠴᠢᠮ ᠲᠦᠭᠰᠢᠭᠦᠷᠢᠲᠡᠶ ᠦᠶ᠎ᠡ ᠳᠤ᠂ ᠭᠠᠮᠰᠢᠭ ᠠᠴᠠ ᠵᠠᠶᠢᠯᠠᠭᠤᠯᠤᠨ ᠲᠠᠷᠬᠠᠭᠠᠬᠤ ᠶᠢ ᠠᠯᠪᠠᠳᠠᠯᠭ᠎ᠠ ᠪᠠᠷ ᠵᠣᠬᠢᠶᠠᠨ ᠪᠠᠶᠢᠭᠤᠯᠵᠤ ᠪᠣᠯᠤᠨ᠎ᠠ︔ ᠨᠢᠭᠡᠨᠲᠡ ᠡᠭᠦᠰᠦᠭᠰᠡᠨ ᠭᠠᠮᠰᠢᠭ ᠪᠤᠶᠤ ᠡᠭᠦᠰᠴᠦ ᠮᠡᠳᠡᠬᠦ ᠡᠭᠦᠰᠦᠮᠡᠯ ᠭᠠᠮᠰᠢᠭ ᠲᠤ ᠠᠶᠤᠯ ᠠᠴᠠ ᠠᠪᠤᠷᠠᠬᠤ᠂ ᠵᠠᠪᠳᠤᠨ ᠵᠠᠰᠠᠬᠤ ᠪᠤᠶᠤ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠠᠮᠢ ᠨᠠᠰᠤᠨ ᠤ ᠢᠨᠵᠧᠨᠧᠷᠢᠩ ᠶᠠᠪᠤᠭᠤᠯᠤᠨ᠎ᠠ︔ ᠲᠤᠰᠬᠠᠶ ᠠᠵᠢᠯ ᠤᠨ ᠪᠠᠷᠢᠯᠭ᠎ᠠ ᠪᠠᠷᠢᠬᠤ ᠡᠩᠨᠡᠭᠡ ᠶᠢ ᠵᠣᠬᠢᠶᠠᠨ ᠪᠠᠶᠢᠭᠤᠯᠤᠨ ᠴᠢᠬᠤᠯᠠ ᠪᠦᠬᠦᠢ ᠠᠶᠤᠯ ᠠᠴᠠ ᠠᠪᠤᠷᠠᠬᠤ ᠪᠠᠷᠢᠯᠭ᠎ᠠ ᠪᠠᠶᠢᠭᠤᠯᠵᠤ᠂ ᠠᠶᠤᠯ ᠤᠨ ᠪᠠᠶᠢᠳᠠᠯ ᠢ ᠬᠥᠩᠭᠡᠷᠡᠭᠦᠯᠬᠦ ᠪᠤᠶᠤ ᠠᠷᠢᠯᠭᠠᠨ᠎ᠠ᠃    2. ᠪᠠᠴᠢᠮ ᠪᠠᠶᠢᠳᠠᠯ ᠢ ᠠᠷᠭᠠᠴᠠᠬᠤ ᠪᠠᠶᠢᠴᠠᠭᠠᠯᠲᠠ᠂ ᠬᠢᠨᠠᠨ ᠰᠢᠨᠵᠢᠬᠦ ᠪᠠ ᠵᠠᠰᠠᠬᠤ ᠳᠤᠭᠤᠶᠢᠯᠠᠩ    ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠠᠷᠠᠳ ᠤᠨ ᠶᠠᠪᠤᠳᠠᠯ ᠤᠨ ᠲᠣᠪᠴᠢᠶ᠎ᠠ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠳᠤᠭᠤᠶᠢᠯᠠᠩ ᠤᠨ ᠬᠥᠮᠦᠰ ᠢ ᠰᠣᠩᠭᠤᠨ ᠠᠪᠤᠨ᠎ᠠ᠃    ᠭᠤᠣᠯ ᠡᠭᠦᠷᠭᠡ ᠬᠠᠷᠢᠭᠤᠴᠠᠯᠭ᠎ᠠ᠄ ᠠᠶᠤᠯ ᠲᠦᠭᠰᠢᠭᠦᠷᠢ ᠶᠢᠨ ᠪᠠᠶᠢᠳᠠᠯ ᠪᠤᠶᠤ ᠭᠠᠮᠰᠢᠭ ᠤᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ᠂ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯᠲᠤ ᠣᠷᠣᠨ ᠢ ᠬᠤᠪᠢᠶᠠᠷᠢᠯᠠᠨ ᠲᠣᠭᠲᠠᠭᠠᠵᠤ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ᠂ ᠭᠠᠮᠰᠢᠭ ᠤᠨ ᠬᠥᠭᠵᠢᠯᠲᠡ ᠶᠢᠨ ᠬᠠᠨᠳᠤᠰᠢ ᠪᠣᠯᠤᠨ ᠳᠠᠯᠳᠠ ᠰᠦᠷᠳᠡᠭᠦᠯᠦᠯ ᠢ ᠲᠥᠰᠦᠭᠡᠯᠡᠵᠦ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠪᠣᠳᠣᠯᠭ᠎ᠠ᠂ ᠠᠷᠭ᠎ᠠ ᠬᠡᠮᠵᠢᠶ᠎ᠡ ᠶᠢ ᠳᠤᠷᠠᠳᠬᠤ ᠬᠡᠷᠡᠭᠲᠡᠶ᠃    3. ᠡᠮ ᠡᠮᠨᠡᠯᠭᠡ ᠶᠢᠨ ᠠᠪᠤᠷᠠᠨ ᠲᠤᠰᠠᠯᠠᠬᠤ ᠪᠠ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠳᠤᠭᠤᠶᠢᠯᠠᠩ    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠮᠨᠡᠯᠭᠡ ᠶᠢᠨ ᠬᠤᠷᠢᠶ᠎ᠠ ᠠᠴᠠ ᠳᠤᠭᠤᠶᠢᠯᠠᠩ ᠤᠨ ᠠᠵᠢᠯᠲᠠᠨ ᠢ ᠰᠣᠩᠭᠤᠨ ᠭᠠᠷᠭᠠᠨ᠎ᠠ᠃    ᠭᠤᠣᠯ ᠡᠭᠦᠷᠭᠡ ᠬᠠᠷᠢᠭᠤᠴᠠᠯᠭ᠎ᠠ᠄ ᠲᠦᠷᠭᠡᠨ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ ᠰᠢᠷᠬᠠᠲᠤᠭᠰᠠᠳ ᠢ ᠠᠪᠤᠷᠠᠬᠤ᠂ ᠭᠠᠮᠰᠢᠭᠳᠠᠭᠰᠠᠨ ᠣᠷᠣᠨ ᠳᠤ ᠬᠡᠷᠡᠭᠰᠡᠬᠦ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠠᠩᠭᠠᠵᠤ᠂ ᠭᠠᠮᠰᠢᠭᠳᠠᠭᠰᠠᠨ ᠣᠷᠣᠨ ᠤ ᠬᠢᠵᠢᠭ ᠤᠨ ᠪᠠᠶᠢᠳᠠᠯ ᠢ ᠲᠥᠰᠦᠭᠡᠯᠡᠵᠦ᠂ ᠭᠠᠮᠰᠢᠭᠳᠠᠭᠰᠠᠨ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ ᠵᠡᠷᠭᠡ ᠶᠢ ᠪᠠᠶᠢᠴᠠᠭᠠᠬᠤ᠂ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ︔ ᠡᠷᠡᠭᠦᠯ ᠮᠡᠨᠳᠦ ᠶᠢᠨ ᠬᠥᠮᠦᠵᠢᠯ᠂ ᠣᠷᠴᠢᠨ ᠲᠣᠭᠤᠷᠢᠨ ᠢ ᠠᠷᠢᠭᠤᠳᠬᠠᠬᠤ ᠪᠠ ᠬᠤᠣᠷᠲᠠᠨ ᠢ ᠠᠷᠢᠯᠭᠠᠵᠤ ᠡᠪᠡᠳᠴᠢᠨ ᠢ ᠠᠷᠢᠯᠭᠠᠬᠤ ᠠᠵᠢᠯ ᠢ ᠥᠷᠨᠢᠭᠦᠯᠵᠦ᠂ ᠬᠥᠮᠦᠨ ᠮᠠᠯ ᠳᠤ ᠴᠥᠮ ᠲᠤᠰᠳᠠᠭ ᠬᠢᠵᠢᠭ ᠡᠪᠡᠳᠴᠢᠨ ᠤ ᠪᠠᠴᠢᠮ ᠡᠭᠡᠯᠢᠯᠡᠭᠡ ᠶᠢ ᠴᠠᠭ ᠲᠤᠬᠠᠶ ᠳᠤᠨᠢ ᠰᠠᠶᠢᠲᠤᠷ ᠬᠢᠵᠦ᠂ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠪᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠢ ᠰᠡᠷᠭᠡᠶᠢᠯᠡᠨ  ᠬᠢᠵᠠᠭᠠᠷᠯᠠᠨ᠎ᠠ᠃    4. ᠠᠮᠤᠷ ᠲᠦᠪᠰᠢᠨ᠂ ᠵᠠᠮ ᠬᠠᠷᠢᠯᠴᠠᠭ᠎ᠠ ᠪᠠ ᠴᠢᠮᠡᠭᠡ ᠨᠡᠪᠲᠡᠷᠡᠯᠭᠡ ᠶᠢᠨ ᠳᠤᠭᠤᠶᠢᠯᠠᠩ    ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠲᠦᠷᠦᠭᠦᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠠᠴᠠ ᠳᠤᠭᠤᠶᠢᠯᠠᠩ ᠤᠨ ᠬᠥᠮᠦᠰ ᠢ ᠰᠣᠩᠭᠤᠨ ᠠᠪᠤᠨ᠎ᠠ᠃    ᠭᠤᠣᠯ ᠡᠭᠦᠷᠭᠡ ᠬᠠᠷᠢᠭᠤᠴᠠᠯᠭ᠎ᠠ᠄ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ ᠲᠦᠪᠰᠢᠨ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠬᠠᠮᠠᠭᠠᠯᠠᠬᠤ᠂ ᠭᠠᠮᠰᠢᠭᠳᠠᠭᠰᠠᠨ ᠠᠷᠠᠳ ᠢ ᠲᠠᠷᠬᠠᠭᠠᠬᠤ᠂ ᠭᠠᠮᠰᠢᠭᠳᠠᠭᠰᠠᠨ ᠣᠷᠣᠨ ᠤ ᠵᠠᠮ ᠬᠠᠷᠢᠯᠴᠠᠭᠠᠨ ᠤ ᠭᠤᠤᠯ ᠱᠤᠭᠤᠮ ᠵᠢᠴᠢ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠠᠶᠤᠯ ᠦᠭᠡᠶ ᠶᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠶ᠃    5. ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠳᠤᠭᠤᠶᠢᠯᠠᠩ    ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠵᠢᠯᠲᠠᠨ ᠰᠣᠩᠭᠤᠨ ᠭᠠᠷᠭᠠᠨ᠎ᠠ᠃  ᠭᠤᠣᠯ ᠡᠭᠦᠷᠭᠡ ᠬᠠᠷᠢᠭᠤᠴᠠᠯᠭ᠎ᠠ᠄ ᠭᠠᠮᠰᠢᠭᠳᠠᠭᠰᠠᠨ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠡᠭᠦᠨ ᠳᠤ ᠪᠠᠷᠠᠭ᠎ᠠ ᠶᠢᠨ ᠦᠨ᠎ᠡ ᠬᠠᠩᠰᠢ ᠶᠢᠨ ᠬᠠᠷᠢᠴᠠᠩᠭᠤᠶ ᠲᠣᠭᠲᠠᠭᠤᠨ ᠪᠠᠶᠢᠳᠠᠯ ᠢ ᠬᠠᠮᠠᠭᠠᠯᠠᠬᠤ᠂ ᠪᠠᠴᠢᠮ ᠲᠤᠰᠠᠯᠠᠮᠵᠢ ᠶᠢᠨ ᠬᠠᠩᠭᠠᠯᠭ᠎ᠠ᠂ ᠲᠣᠬᠢᠷᠠᠭᠤᠯᠤᠯᠲᠠ ᠪᠠ ᠬᠠᠮᠢᠶᠠᠷᠤᠯᠲᠠ ᠪᠠᠭᠲᠠᠨ᠎ᠠ᠂ ᠭᠠᠮᠰᠢᠭᠳᠠᠭᠰᠠᠨ ᠠᠷᠠᠳ ᠢ ᠰᠢᠯᠵᠢᠭᠦᠯᠬᠦ᠂ ᠲᠦᠷ ᠴᠠᠭ ᠲᠥᠪᠬᠢᠨᠡᠭᠦᠯᠬᠦ ᠵᠢᠴᠢ ᠦᠬᠦᠭᠰᠡᠳ ᠤᠨ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ᠃    6. ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠶᠢᠨ ᠪᠠᠲᠤᠯᠠᠭ᠎ᠠ ᠶᠢᠨ ᠳᠤᠭᠤᠶᠢᠯᠠᠩ    ᠡᠳ᠋ ᠤᠨ ᠵᠠᠰᠠᠭ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠠᠵᠢᠯᠲᠠᠨ ᠰᠣᠩᠭᠤᠨ ᠭᠠᠷᠭᠠᠨ᠎ᠠ᠃    ᠭᠤᠤᠯ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠪᠡᠯᠡ ᠮᠥᠩᠭᠦ ᠴᠤᠭᠯᠠᠭᠤᠯᠬᠤ ᠪᠠ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠂ ᠳᠡᠭᠡᠳᠦ ᠱᠠᠲᠤᠨ ᠤ ᠡᠳ᠋ ᠤᠨ ᠵᠠᠰᠠᠭ ᠤᠨ ᠳᠡᠮᠵᠢᠯᠭᠡ ᠶᠢ ᠴᠢᠷᠮᠠᠶᠢᠨ ᠣᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ ᠪᠣᠯᠤᠨ ᠡᠳ᠋ ᠪᠣᠳᠠᠰ ᠢ ᠬᠤᠪᠢᠶᠠᠷᠢᠯᠠᠬᠤ᠂ ᠳᠣᠷᠣᠭᠰᠢ ᠪᠠᠭᠤᠯᠭᠠᠬᠤ᠂ ᠬᠡᠷᠡᠭᠯᠡᠬᠦ ᠶᠢᠨ ᠵᠢᠯᠣᠭᠤᠳᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠶ᠃    7. ᠲᠥᠬᠦᠭᠡᠷᠦᠮᠵᠢ ᠶᠢ ᠵᠠᠰᠠᠨ ᠰᠡᠷᠭᠦᠭᠡᠬᠦ ᠪᠠ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠳᠤᠭᠤᠶᠢᠯᠠᠩ    ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠳᠤᠭᠤᠶᠢᠯᠠᠩ ᠤᠨ ᠠᠵᠢᠯᠲᠠᠨ ᠰᠣᠩᠭᠤᠨ ᠠᠪᠤᠨ᠎ᠠ᠃    ᠭᠤᠤᠯ ᠡᠭᠦᠷᠭᠡ ᠬᠠᠷᠢᠭᠤᠴᠠᠯᠭ᠎ᠠ᠄ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠡᠪᠳᠡᠭᠳᠡᠭᠰᠡᠨ ᠴᠠᠬᠢᠯᠭᠠᠨ ᠬᠦᠴᠦᠨ᠂ ᠤᠰᠤ ᠬᠠᠩᠭᠠᠬᠤ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠂ ᠰᠤᠷᠭᠠᠭᠤᠯᠢ ᠶᠢᠨ ᠪᠠᠶᠢᠷᠢ ᠵᠡᠷᠭᠡ ᠲᠥᠬᠦᠭᠡᠷᠦᠮᠵᠢ ᠶᠢ ᠵᠠᠪᠳᠤᠨ ᠵᠠᠰᠠᠬᠤ ᠬᠡᠷᠡᠭᠲᠡᠶ᠃ ᠲᠠᠷᠢᠶᠠᠨ ᠭᠠᠵᠠᠷ᠂ ᠣᠢ ᠰᠢᠭᠤᠶ ᠡᠪᠡᠰᠦᠲᠦ ᠭᠠᠵᠠᠷ ᠢ ᠰᠡᠯᠪᠢᠨ ᠵᠠᠰᠠᠵᠤ᠂ ᠲᠠᠷᠢᠮᠠᠯ ᠤᠨ ᠭᠠᠮᠰᠢᠭ ᠠᠴᠠ ᠠᠪᠤᠷᠠᠬᠤ ᠦᠷ᠎ᠡ ᠶᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠭᠠᠮᠰᠢᠭᠳᠠᠭᠰᠠᠨ ᠣᠷᠣᠨ ᠢ ᠬᠠᠪᠰᠤᠷᠤᠨ ᠰᠠᠭᠤᠷᠢ ᠪᠡᠯᠡᠳᠬᠡᠮᠵᠢ ᠶᠢᠨ ᠴᠢᠳᠠᠮᠵᠢ ᠪᠣᠯᠤᠨ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠢ ᠲᠦᠷᠭᠡᠬᠡᠨ  ᠰᠡᠷᠭᠦᠭᠡᠨ᠎ᠡ᠃    ᠲᠠᠪᠤ᠂ ᠭᠠᠵᠠᠷ ᠤᠨ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠬᠦ ᠬᠠᠷᠢᠭᠤᠴᠠᠯᠭ᠎ᠠ    ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠠᠵᠠᠷ ᠤᠨ ᠭᠠᠮᠰᠢᠭ ᠢ ᠣᠯᠠᠨ ᠢᠶᠠᠷ ᠢᠶᠠᠨ ᠬᠡᠮᠵᠢᠨ ᠰᠡᠷᠭᠡᠶᠢᠯᠡᠬᠦ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠭᠠᠵᠠᠷ ᠤᠨ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠣᠣᠷ ᠰᠦᠯᠵᠢᠶᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠴᠡᠭ ᠨᠢᠭᠡᠪᠦᠷᠢ ᠳᠤ ᠪᠣᠳᠠᠲᠠᠶ ᠬᠢᠨᠠᠨ ᠬᠡᠮᠵᠢᠬᠦ ᠬᠠᠷᠢᠭᠤᠴᠠᠯᠭ᠎ᠠ ᠡᠭᠦᠷᠭᠡᠯᠡᠭᠴᠢ ᠵᠢᠴᠢ ᠬᠠᠷᠢᠭᠤᠴᠠᠯᠭᠠᠳᠠᠨ ᠢᠶᠠᠨ ᠲᠣᠳᠣᠷᠬᠠᠶᠢᠯᠠᠵᠤ᠂ ᠭᠠᠵᠠᠷ ᠤᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃    ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠪᠠᠶᠢᠭ᠎ᠠ ᠰᠢᠶᠠᠩ ᠪᠠᠯᠭᠠᠰᠤ᠂ ᠬᠡᠷᠡᠭ ᠡᠷᠭᠢᠯᠡᠬᠦ ᠭᠠᠵᠠᠷ ᠴᠠᠭ ᠲᠤᠬᠠᠶ ᠳᠤᠨᠢ ᠵᠣᠬᠢᠴᠠᠩᠭᠤᠶ ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠭᠠᠵᠠᠷ ᠤᠨ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠭᠠᠵᠠᠷ ᠤᠨ ᠭᠠᠮᠰᠢᠭ ᠢ ᠬᠢᠨᠠᠨ ᠬᠡᠮᠵᠢᠬᠦ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨᠡᠳᠦ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠤᠳᠤᠷᠢᠳᠤᠯᠭ᠎ᠠ ᠨᠢ ᠨᠢᠭᠡᠳᠦᠭᠡᠷ ᠬᠠᠷᠢᠭᠤᠴᠠᠯᠭᠠᠲᠠᠨ ᠪᠣᠯᠵᠤ᠂ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠱᠠᠲᠤ ᠱᠠᠲᠤ ᠪᠠᠷ ᠬᠡᠷᠡᠭᠵᠢᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠤᠨ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠬᠦ ᠬᠤᠭᠤᠴᠠᠭᠠᠨ ᠳᠤ᠂ ᠭᠠᠵᠠᠷ ᠤᠨ ᠭᠠᠮᠰᠢᠭ ᠤᠨ ᠲᠦᠭᠰᠢᠭᠦᠷᠢ ᠶᠢᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠲᠡᠶ᠃ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃ ᠭᠠᠵᠠᠷ ᠤᠨ ᠭᠠᠮᠰᠢᠭ ᠬᠢᠯᠪᠠᠷᠬᠠᠨ ᠭᠠᠷᠬᠤ ᠠᠶᠤᠯᠲᠠᠶ ᠣᠷᠣᠨ ᠳᠤ ᠬᠤᠯᠪᠣᠭᠳᠠᠯ ᠪᠦᠬᠦᠢ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠨᠤᠭᠤᠳ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠶ᠃                           ᠤᠷᠴᠢᠭᠤᠯᠤᠭᠴᠢ᠄ ᠬᠠᠨ ᠰᠢᠶᠤᠤ ᠿᠦᠩ                           ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3