| ᠰᠢᠨ᠎ᠡ ᠲᠢᠳᠢᠮᠯᠢᠭ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠴᠢᠨᠠᠷᠲᠠᠶ ᠡᠪᠡᠳᠴᠢᠨ ᠢ ᠪᠦᠲᠦᠮᠵᠢᠲᠡᠶ | ᠰᠡᠷᠭᠡᠶᠢᠯᠡᠬᠦ ᠶᠢᠨ ᠲᠥᠯᠥᠭᠡ᠂ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠣᠯᠠᠨ | ᠨᠡᠶᠢᠲᠡ ᠶᠢᠨ ᠦᠢᠯᠡᠴᠢᠯᠡᠭᠡᠨ ᠤ ᠪᠠ ᠭᠤᠤᠯᠳᠠᠯᠭ᠎ᠠ ᠲᠠᠢ ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠠᠵᠢᠯᠲᠠᠨ ᠵᠡᠷᠭᠡ | ᠶᠢᠰᠦᠨ ᠲᠥᠷᠥᠯ ᠤᠨ ᠬᠥᠮᠦᠰ ᠡᠷᠬᠡᠪᠰᠢ ᠨᠢᠭᠡ ᠯᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠠᠮᠠᠪᠴᠢ | ᠪᠤᠶᠤ ᠨᠢᠭᠡ ᠯᠡ ᠤᠳᠠᠭ᠎ᠠ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠵᠡᠭᠦᠬᠦ ᠬᠡᠷᠡᠭᠲᠡᠶ᠃ ᠡᠨᠡ ᠶᠢᠰᠦᠨ ᠲᠦᠷᠦᠯ ᠤᠨ | ᠬᠥᠮᠦᠰ ᠨᠢ ᠲᠤᠰ ᠲᠤᠰ᠄ | 1. ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠦᠭᠰᠡᠨ᠂ ᠡᠷᠭᠢᠵᠦ ᠦᠵᠡᠭᠰᠡᠨ ᠪᠤᠶᠤ ᠰᠤᠪᠢᠯᠠᠭᠰᠠᠨ | ᠬᠥᠮᠦᠨ᠂ ᠡᠰᠡᠬᠦᠯ ᠡ ᠬᠠᠯᠠᠭᠤᠷᠠᠬᠤ ᠪᠠ ᠬᠠᠨᠢᠶᠠᠬᠤ ᠵᠡᠷᠭᠡ ᠢᠯᠡᠷᠡᠯ ᠲᠠᠢ ᠬᠥᠮᠦᠰ︔ | 2. ᠤᠰᠤᠨ ᠭᠠᠷᠤᠯᠲᠠ᠂ ᠬᠥᠯᠳᠡᠭᠡᠭᠰᠡᠨ ᠢᠳᠡᠭᠡᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ | ᠪᠦᠲᠦᠭᠡᠭᠳᠡᠬᠦᠨ ᠤ ᠰᠠᠩ ᠬᠥᠮᠥᠷᠭᠡ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠠᠷᠠᠯᠵᠢᠶᠠᠨ ᠤ | ᠵᠠᠬ᠎ᠠ ᠳᠡᠯᠭᠡᠭᠦᠷ ᠵᠡᠷᠭᠡ ᠲᠠᠯᠠᠪᠤᠷ ᠤᠨ ᠠᠵᠢᠯᠲᠠᠨ᠂ ᠳᠡᠭᠡᠷ᠎ᠡ ᠳᠤᠷᠠᠳᠤᠭᠰᠠᠨ ᠦᠢᠯᠡᠳᠭᠦᠨ ᠢ ᠵᠥᠭᠡᠭᠡᠪᠦᠷᠢᠯᠡᠵᠦ᠂ | ᠰᠣᠩᠭᠤᠨ ᠬᠤᠳᠠᠯᠳᠤᠨ ᠠᠪᠤᠭᠰᠠᠨ ᠬᠥᠮᠦᠰ︔ | 3. ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠨ ᠢ ᠬᠦᠨᠳᠦᠯᠡᠬᠦ ᠬᠦᠷᠢᠶᠡᠯᠡᠩ ᠵᠡᠷᠭᠡ ᠦᠢᠯᠡᠴᠢᠯᠡᠭᠡ | ᠬᠠᠩᠭᠠᠬᠤ ᠠᠵᠢᠯᠳᠠᠨ ᠪᠠ ᠭᠠᠳᠠᠨ᠎ᠠ ᠠᠴᠠ ᠢᠷᠡᠭᠰᠡᠨ ᠬᠥᠮᠦᠰ︔ | 4. ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠥᠷᠲᠡᠭᠡ ᠵᠡᠷᠭᠡ ᠲᠠᠯᠠᠪᠤᠷ ᠤᠨ ᠠᠵᠢᠯᠲᠠᠨ᠂ ᠭᠠᠯᠲᠤ ᠲᠡᠷᠭᠡ | ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ | ᠵᠢᠯᠣᠭᠤᠴᠢ︔ | 5. ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ | ᠲᠠᠯᠠᠪᠤᠷ ᠤᠨ ᠠᠵᠢᠯᠲᠠᠨ ᠵᠢᠴᠢ ᠵᠣᠴᠢᠳ︔ | 6. ᠪᠠᠩᠬᠢ᠂ ᠦᠵᠡᠰᠬᠦᠯᠡᠩ ᠤᠨ ᠣᠷᠳᠣᠨ᠂ ᠨᠣᠮ ᠤᠨ ᠰᠠᠩ ᠵᠢᠴᠢ ᠡᠯ᠎ᠡ ᠲᠥᠷᠥᠯ ᠤᠨ ᠠᠵᠢᠯ ᠶᠠᠪᠤᠳᠠᠯ | ᠭᠦᠢᠴᠡᠳᠭᠡᠬᠦ ᠦᠢᠯᠡᠴᠢᠯᠡᠭᠡᠨ ᠤ ᠲᠢᠩᠬᠢᠮ ᠵᠡᠷᠭᠡ ᠭᠠᠵᠠᠷ ᠤᠨ ᠠᠵᠢᠯᠲᠠᠨ ᠪᠠ ᠣᠷᠣᠵᠤ ᠢᠷᠡᠭᠰᠡᠨ ᠬᠥᠮᠦᠰ︔ | 7. ᠡᠮ ᠤᠨ ᠳᠡᠯᠭᠡᠭᠦᠷ᠂ ᠦᠰᠦ ᠵᠠᠰᠠᠬᠤ ᠭᠠᠵᠠᠷ᠂ ᠵᠢᠰᠦ ᠭᠤᠶᠣᠯᠠᠬᠤ ᠭᠠᠵᠠᠷ᠂ ᠺᠢᠨᠣ᠋ ᠵᠦᠴᠦᠭᠡ ᠶᠢᠨ | ᠬᠦᠷᠢᠶᠡᠯᠡᠩ᠂ ᠰᠦᠯᠵᠢᠶᠡᠨ ᠤ ᠪᠠᠭᠠᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ KTV ᠵᠡᠷᠭᠡ ᠨᠢᠭᠲᠠ | ᠪᠢᠲᠡᠭᠦᠮᠵᠢᠯᠡᠭᠰᠡᠨ ᠲᠠᠯᠠᠪᠤᠷ ᠤᠨ ᠠᠵᠢᠯᠲᠠᠨ ᠵᠢᠴᠢ ᠵᠣᠴᠢᠨ︔ | 8. ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠣᠷᠣᠵᠤ ᠢᠷᠡᠭᠰᠡᠨ ᠭᠠᠳᠠᠨᠠᠬᠢ ᠬᠦᠮᠦᠰ | ᠵᠢᠴᠢ ᠰᠤᠷᠭᠠᠭᠤᠯᠢ ᠶᠢᠨ ᠬᠦᠷᠢᠶᠡᠨ ᠳᠤ ᠵᠢᠵᠢᠭᠦᠷᠯᠡᠨ ᠰᠠᠬᠢᠭᠴᠢ᠂ ᠠᠷᠢᠭᠤᠨ ᠴᠡᠪᠡᠷ ᠤᠨ ᠠᠵᠢᠯᠲᠠᠨ᠂ ᠬᠤᠭᠤᠯᠠᠨ | ᠭᠡᠷ ᠤᠨ ᠠᠵᠢᠯᠲᠠᠨ ᠵᠡᠷᠭᠡ ᠦᠢᠯᠡᠴᠢᠯᠡᠭᠡᠨ ᠤ ᠠᠵᠢᠯᠲᠠᠨ︔ | 9. ᠰᠠᠯᠬᠢ ᠨᠡᠪᠲᠡᠷᠡᠬᠦ ᠨᠢ ᠮᠠᠭᠤ ︵ᠵᠢᠱᠢᠶᠡᠯᠡᠪᠡᠯ ᠸᠠᠭᠤᠨ ᠮᠠᠶ᠋ᠢᠭ ᠤᠨ ᠴᠠᠬᠢᠯᠭᠠᠨ ᠱᠠᠲᠤ᠂ ᠣᠯᠠᠨ ᠨᠡᠶᠢᠲᠡ ᠶᠢᠨ | ᠵᠣᠷᠯᠣᠩ︶ ᠪᠤᠶᠤ ᠬᠥᠮᠦᠨ ᠣᠯᠠᠨ ᠴᠤᠭᠯᠠᠷᠠᠬᠤ ᠲᠠᠯᠠᠪᠤᠷ ᠲᠤ ᠪᠠᠶᠢᠭ᠎ᠠ ᠪᠤᠰᠤᠳ ᠬᠥᠮᠦᠰ᠃ | ᠡᠭᠦᠨ ᠠᠴᠠ ᠭᠠᠳᠠᠨ᠎ᠠ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠳ᠂ ᠤᠳᠠᠭᠠᠨ ᠴᠢᠨᠠᠷᠲᠠᠶ ᠡᠪᠡᠳᠴᠢᠲᠡᠨ | ᠭᠠᠳᠠᠭᠰᠢ ᠭᠠᠷᠬᠤ ᠦᠶᠡᠰ᠂ ᠭᠡᠷ ᠤᠨ ᠭᠠᠳᠠᠨ᠎ᠠ ᠪᠠ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠲᠤ | ᠤᠴᠢᠬᠤ᠂ ᠪᠤᠰᠤᠳ ᠲᠠᠢ ᠨᠢᠭᠡ ᠮᠧᠲᠷ ᠠᠴᠠ ᠳᠡᠭᠡᠭᠰᠢ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ | ᠪᠠᠲᠤᠯᠠᠵᠤ ᠳᠡᠶᠢᠯᠬᠦ ᠦᠭᠡᠶ ᠬᠥᠮᠦᠰ ᠪᠤᠯᠤᠨᠨᠢᠭᠲᠠ ᠪᠢᠲᠡᠭᠦᠮᠵᠢᠯᠡᠭᠰᠡᠨ ᠭᠡᠷ ᠳᠣᠲᠣᠷᠠᠬᠢ ᠣᠯᠠᠨ ᠨᠡᠶᠢᠲᠡ ᠶᠢᠨ | ᠲᠠᠯᠠᠪᠤᠷ ᠢᠶᠠᠷ ᠣᠷᠣᠵᠤ ᠭᠠᠷᠤᠭᠰᠠᠳ ᠲᠤ ᠠᠮᠠᠪᠴᠢ ᠵᠡᠭᠦᠬᠦ ᠶᠢ ᠰᠠᠨᠠᠭᠤᠯᠵᠤ ᠪᠤᠢ᠃ | | ᠹᠧᠩᠵᠧᠨ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 12 ᠰᠠᠷ᠎ᠠ ᠶᠢᠨ 1 ᠤ ᠡᠳᠦᠷ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |