ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠤ ᠶᠢᠨ ᠴᠠᠭᠳᠠᠭ᠎ᠠ ᠶᠢᠨ ᠶᠡᠭᠡ ᠠᠩᠭᠢ ︽ᠺᠠᠷᠲ ᠲᠠᠰᠤᠯᠬᠤ︾ ᠠᠵᠢᠯᠯᠠᠭ᠎ᠠ ᠳᠤᠮᠳᠠ ᠨᠢᠭᠡᠨ ᠰᠡᠵᠢᠭᠯᠡᠯᠳᠡᠢ ᠮᠡᠬᠡᠯᠡᠭᠴᠢ ᠶᠢ ᠬᠠᠪᠰᠤᠷᠤᠨ ᠳᠠᠩᠰᠠ ᠰᠢᠯᠵᠢᠭᠦᠯᠦᠭᠰᠡᠨ ᠶᠠᠯᠠᠲᠤ ᠪᠦᠯᠦᠭᠳᠡᠨ‌ᠢ ᠠᠮᠵᠢᠯᠲᠠ ᠲᠠᠢ ᠪᠠᠷ ᠰᠠᠷᠨᠢᠭᠤᠯᠪᠠ
ᠨᠡᠶᠢᠲᠡᠯᠡᠭᠰᠡᠨ ᠴᠠᠭ᠄
2020/12/2
   ᠪᠦᠬᠦ ᠤᠯᠤᠰ ᠤᠨ ︽ᠺᠠᠷᠲ ᠲᠠᠰᠤᠯᠬᠤ︾ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠤ ᠶᠢᠨ ᠴᠠᠭᠳᠠᠭᠠᠨ ᠤ ᠶᠡᠭᠡ ᠠᠩᠭᠢ ᠶᠢᠨ ᠮᠡᠬᠡᠯᠡᠯ ᠢ ᠡᠰᠡᠷᠭᠦᠴᠡᠬᠦ ᠳᠤᠮᠳᠠ ᠠᠩᠭᠢ ᠶᠢᠨ ᠺᠠᠳ᠋ᠷ ᠴᠠᠭᠳᠠᠭ᠎ᠠ ᠨᠠᠷ ᠨᠠᠷᠢᠨ ᠨᠢᠮᠪᠠᠶ ᠲᠤᠷᠰᠢᠨ ᠪᠠᠶᠢᠴᠠᠭᠠᠬᠤ ᠪᠠᠷ ᠳᠠᠮᠵᠢᠨ᠂ 2020 ᠣᠨ ᠤ 11 ᠰᠠᠷ᠎ᠠ ᠶᠢᠨ 27 ᠤ ᠡᠳᠦᠷ ᠰᠦᠯᠵᠢᠶ᠎ᠡ ᠪᠠᠷ ᠳᠠᠮᠵᠢᠭᠤᠯᠤᠨ ᠰᠡᠵᠢᠭᠯᠡᠯᠳᠡᠢ ᠮᠡᠬᠡᠯᠡᠭᠴᠢ ᠶᠢ ᠬᠠᠪᠰᠤᠷᠤᠨ ᠲᠠᠩᠰᠠ ᠰᠢᠯᠵᠢᠭᠦᠯᠦᠭᠰᠡᠨ ᠨᠢᠭᠡᠨ ᠶᠠᠯᠠᠲᠤ ᠪᠦᠯᠦᠭᠳᠡᠨ ᠢ ᠠᠮᠵᠢᠯᠲᠠᠲᠠᠶ ᠰᠠᠷᠨᠢᠭᠤᠯᠪᠠ᠃
    ᠪᠠᠶᠢᠴᠠᠭᠠᠯᠳᠠ ᠶᠢ ᠦᠨᠳᠤᠰᠤᠯᠠᠪᠡᠯ᠂ ᠶᠠᠯ᠎ᠠ ᠬᠢᠭᠰᠡᠨ ᠰᠡᠵᠢᠭᠳᠡᠨ ᠵᠣᠣ ᠣᠪᠣᠭᠲᠤ 2020 ᠣᠨ ᠤ 9 ᠰᠠᠷ᠎ᠠ ᠳᠤ ᠪᠤᠰᠤᠳ ᠤᠨ ᠲᠠᠨᠢᠯᠴᠠᠭᠤᠯᠭ᠎ᠠ ᠪᠠᠷ ᠳᠠᠮᠵᠢᠨ ᠪᠤᠰᠤᠳ ᠬᠥᠮᠦᠨ ᠤ ᠨᠡᠷ᠎ᠡ ᠪᠠᠷ ᠪᠠᠩᠬᠢ ᠶᠢᠨ ᠺᠠᠷᠲ ᠨᠡᠬᠡᠬᠡᠭᠰᠡᠨ ᠮᠦᠷᠳᠡᠭᠡᠨ ᠬᠤᠳᠠᠯᠳᠤᠨ ᠠᠪᠴᠤ᠂ ᠰᠦᠯᠵᠢᠶᠡᠨ ᠳᠡᠭᠡᠷ᠎ᠡ ᠵᠠᠷᠯᠢᠭ ᠬᠦᠯᠢᠶᠡᠨ ᠳᠠᠩᠰᠠ ᠰᠢᠯᠵᠢᠭᠦᠯᠪᠡ᠃ ᠰᠡᠭᠦᠯᠡᠷ ᠨᠢ ᠵᠤᠤ ᠣᠪᠣᠭᠲᠤ ᠪᠠᠰᠠ ᠦᠨᠳᠦᠷ ᠬᠠᠷᠢᠭᠤ ᠦᠭᠬᠦ ᠪᠠᠷ ᠠᠮᠠᠯᠠᠵᠤ᠂ ᠸᠠᠩ ᠣᠪᠣᠭᠲᠤ ᠪᠤᠯᠤᠨ ᠭᠦᠩ ᠣᠪᠣᠭᠲᠤ ᠶᠢ ᠴᠤᠭᠯᠠᠭᠤᠯᠵᠤ ᠥᠪᠡᠷ ᠤᠨ ᠭᠡᠷ ᠲᠡᠭᠡᠨ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯ᠎ᠠ ᠬᠢᠭᠰᠡᠨ ᠰᠡᠵᠢᠭᠯᠡᠯᠲᠡᠢ ᠬᠥᠮᠦᠨ ᠳᠤ ᠪᠤᠵᠠᠷ ᠵᠣᠭᠤᠰ ᠰᠢᠯᠵᠢᠭᠦᠯᠵᠦ ᠦᠭᠬᠦ ᠶᠠᠯᠠᠲᠤ ᠠᠵᠢᠯᠯᠠᠭ᠎ᠠ ᠬᠢᠪᠡ᠃ ᠭᠤᠷᠪᠠᠨ ᠰᠡᠵᠢᠭᠳᠡᠨ ᠤ ᠶᠠᠯᠠᠲᠤ ᠠᠵᠢᠯᠯᠠᠭ᠎ᠠ ᠬᠢᠬᠦ ᠶᠠᠪᠤᠴᠠ ᠳᠤ ᠵᠣᠣ ᠣᠪᠣᠭᠲᠤ ᠶᠢᠨ ᠪᠠᠩᠬᠢ ᠶᠢᠨ ᠺᠠᠷᠲ ᠢ ᠥᠨᠳᠥᠷ ᠦᠨ᠎ᠡ ᠪᠠᠷ ᠬᠤᠳᠠᠯᠳᠤᠨ ᠠᠪᠴᠤ ᠳᠠᠩᠰᠠ ᠰᠢᠯᠵᠢᠬᠦᠯᠦᠭᠰᠡᠨ ᠠᠴᠠ ᠵᠣᠣ ᠣᠪᠣᠭᠲᠤ ᠶᠢᠨ ᠪᠠᠩᠬᠢ ᠶᠢᠨ ᠺᠠᠷᠲ ᠨᠢ ᠴᠠᠬᠢᠯᠭᠠᠨ ᠬᠤᠯᠪᠣᠭᠠᠨ ᠤ ᠮᠡᠬᠡᠯᠡᠯ ᠤᠨ ᠣᠯᠠᠨ ᠬᠡᠷᠡᠭ ᠲᠠᠢ ᠬᠤᠯᠪᠤᠭᠳᠠᠵᠤ᠂ ᠪᠠᠩᠬᠢ ᠶᠢᠨ ᠤᠷᠤᠰᠬᠠᠯ ᠨᠢ ᠮᠢᠩᠭᠠᠨ ᠲᠦᠮᠡᠨ ᠲᠥᠭᠦᠷᠢᠭ ᠬᠦᠷᠪᠡ᠃ ᠤᠳᠤᠬᠠᠨ ᠳᠤ ᠹᠧᠩᠵᠧᠨ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠳᠦᠷᠪᠡᠨ ᠶᠠᠯ᠎ᠠ ᠬᠢᠭᠰᠡᠨ ᠰᠡᠵᠢᠭᠳᠡᠨ ᠢ ᠪᠦᠷ ᠮᠡᠳᠡᠭᠡ ᠵᠠᠩᠭᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠶᠠᠯ᠎ᠠ ᠪᠠᠷ ᠪᠠᠷᠢᠪᠴᠢᠯᠠᠬᠤ ᠶᠢ ᠵᠦᠪᠰᠢᠶᠡᠷᠡᠪᠡ᠃ ᠲᠣᠰ ᠬᠡᠷᠡᠭ ᠢ ᠤᠯᠠᠮ ᠨᠢᠭᠡ ᠠᠯᠬᠤᠮ ᠲᠤᠷᠰᠢᠨ ᠪᠠᠶᠢᠴᠠᠭᠠᠵᠤ ᠪᠤᠢ᠃                ᠤᠷᠴᠢᠭᠤᠯᠤᠭᠴᠢ᠄ ᠬᠠᠨ ᠰᠢᠶᠤᠤ ᠿᠦᠩ                ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3