ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠹᠧᠩᠵᠧᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ︿ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/21
     ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄    ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠹᠧᠩᠵᠧᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ︿ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃      ᠹᠧᠩᠵᠧᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠡᠷᠡᠭᠵᠢᠬᠦᠯᠬᠦ ᠲᠥᠰᠦᠯ   ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ  ᠵᠤᠬᠢᠴᠠᠭᠤᠯᠤᠨ᠂ ᠣᠳᠣᠬᠠᠨ ᠤ ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠡᠯ᠎ᠡ ᠲᠥᠷᠥᠯ ᠤᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠵᠡᠭᠡᠯᠢ ᠭᠤᠳᠤᠮᠵᠢ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠵᠠᠭᠪᠤᠷ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠬᠤᠲᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠲᠡᠭᠡᠭᠰᠢᠯᠡᠬᠦᠯᠬᠦ ᠶᠢᠨ ᠲᠦᠯᠦᠭᠡ᠂ ︽ᠪᠦᠬᠦᠨ ᠢ ᠪᠦᠷᠬᠦᠭᠦᠯᠬᠦ᠂ ᠨᠠᠷᠢᠯᠢᠭᠵᠢᠭᠤᠯᠬᠤ᠂ ᠤᠷᠲᠤ ᠬᠤᠭᠤᠴᠠᠭ᠎ᠠ ᠪᠦᠲᠦᠮᠵᠢᠲᠡᠢ ᠪᠠᠶᠢᠬᠤ︾ ᠬᠠᠮᠢᠶᠠᠷᠤᠯᠲᠠ ᠶᠢᠨ ᠰᠡᠳᠬᠢᠴᠡ ᠶᠣᠰᠣᠭᠠᠷ᠂ ᠮᠠᠨ ᠤ ᠬᠤᠲᠠ ᠶᠢᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣ‌‍ᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠤᠩᠭᠡᠢ ᠱᠦᠵᠢ ᠰᠢ ᠶᠢᠨ ᠫᠢᠩ ᠤᠨ ︽ᠬᠤᠲᠠ ᠶᠢᠨ ᠬᠠᠮᠢᠶᠠᠷᠤᠯᠲᠠ ᠨᠢ ᠬᠤᠸᠠᠷ ᠬᠠᠳᠬᠤᠭᠰᠠᠨ ᠰᠢᠭ᠋ ᠨᠠᠷᠢᠨ ᠨᠢᠭᠲᠠ ᠪᠠᠶᠢᠬᠤ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠵᠢᠯᠣᠭᠤᠳᠤᠮᠵᠢ ᠪᠤᠯᠭᠠᠵᠦ᠂ ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤᠪᠠᠷ ᠡᠳ᠋ᠯᠡᠬᠦ ᠭᠦᠭᠵᠢᠯᠳᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠠᠭᠠᠨ᠂ ᠬᠤᠲᠠ ᠶᠢᠨ ᠬᠠᠮᠢᠶᠠᠷᠤᠯᠲᠠ ᠶᠢᠨ ᠤᠳᠤᠬᠢᠴᠢᠯᠠᠯᠳᠠ ᠪᠠᠷ ᠴᠢᠭᠯᠡᠯ ᠪᠣᠯᠭᠠᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠮᠠᠨ ᠤ ᠬᠤᠲᠠ ᠶᠢᠨ ᠳᠦᠷᠢ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠣᠭᠤᠭᠠᠷᠠᠭᠤᠯᠤᠯᠲᠠ ᠶᠢ ᠭᠡᠷᠡᠯᠳᠦᠭᠦᠯᠬᠦ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠬᠠᠮᠢᠶᠠᠷᠤᠯᠳᠠ ᠶᠢᠨ ᠠᠵᠢᠯ ᠢ ᠬᠦᠴᠦᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃    ︵ᠬᠤᠶᠠᠷ︶ ᠠᠵᠢᠯ ᠤᠨ ᠬᠠᠷᠠᠯᠲᠠ᠃ ︽ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠠᠵᠢᠯ ᠤᠨ ᠬᠠᠷᠠᠯᠲᠠ ᠶᠢ ᠲᠣᠳᠣᠷᠬᠠᠶᠢᠯᠠᠬᠤ᠂ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠮᠢᠶᠠᠷᠤᠯᠲᠠ ᠶᠢ ᠴᠢᠩᠭ᠎ᠠ ᠬᠢᠨᠠᠨ ᠰᠢᠯᠭᠠᠬᠤ︾ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠣᠭᠤᠷᠢᠭ ᠵᠡᠭᠡᠯᠢ ᠭᠤᠳᠤᠮᠵᠢ ᠶᠢ ᠪᠦᠬᠦᠨ ᠢ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠳᠤ ᠣᠷᠣᠭᠤᠯᠤᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ  ᠨᠠᠶᠢᠳᠠᠪᠤᠷᠢᠵᠢᠭᠤᠯᠬᠤ ᠪᠠᠷ ᠲᠠᠮᠵᠢᠭᠤᠯᠤᠨ᠂ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠤ ᠪᠣᠯᠪᠠᠰᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠣᠷᠴᠢᠨ ᠲᠣᠭᠤᠷᠢᠨ ᠤ ᠵᠠᠰᠠᠯᠲᠠ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠨᠢᠭᠡᠨ ᠰᠢᠰᠲ᠋ᠧᠮ ︵ᠳᠠᠷᠤᠶ ︽ᠵᠡᠭᠡᠯᠢ ᠭᠤᠳᠤᠮᠵᠢ ᠶᠢᠨ ᠶᠡᠷᠦᠩᠬᠡᠶ ᠳᠠᠷᠤᠭ᠎ᠠ ᠵᠡᠭᠡᠯᠢ ᠭᠤᠳᠤᠮᠵᠢ ᠶᠢᠨ ᠲᠠᠷᠤᠭ᠎ᠠ︾ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ︽ᠭᠤᠷᠪᠠᠨ ᠵᠦᠢᠯ ᠤᠨ ᠲᠣᠭᠲᠠᠴᠠ︾ ︵ᠳᠠᠷᠤᠶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ᠂ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ᠂ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ︶ ᠶᠢ ᠪᠠᠶᠢᠭᠤᠯᠵᠤ᠂ ︽ᠳᠣᠯᠤᠭ᠎ᠠ ᠳᠤ ᠬᠢᠨᠠᠯᠲᠠ ᠲᠠᠯᠪᠢᠬᠤ︾ ︵ᠳᠠᠷᠤᠶ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ᠂ ᠬᠤᠲᠠ ᠶᠢᠨ ᠳᠦᠷᠢ ᠲᠥᠷᠬᠦ ᠶᠢᠨ ᠡᠮᠬᠢ ᠳᠢᠭᠯᠢᠮ ᠳᠤ ᠬᠢᠨᠠᠯᠲᠠ ᠲᠠᠯᠪᠢᠬᠤ᠂ ᠵᠠᠮ ᠬᠠᠷᠢᠯᠴᠠᠭᠠᠨ ᠤ ᠡᠮᠬᠢ ᠵᠢᠷᠤᠮ ᠳᠤ ᠬᠢᠨᠠᠯᠲᠠ ᠲᠠᠯᠪᠢᠬᠤ᠂ ᠬᠤᠲᠠ ᠶᠢᠨ ᠶᠠᠪᠤᠳᠠᠯ ᠤᠨ ᠪᠡᠯᠡᠳᠬᠡᠮᠵᠢ ᠳᠤ ᠬᠢᠨᠠᠯᠲᠠ ᠲᠠᠯᠪᠢᠬᠤ᠂ ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ᠂ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ ᠲᠠᠯᠪᠢᠬᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠬᠤ︶ ᠶᠢ ᠨᠠᠶᠢᠳᠠᠪᠤᠷᠢᠵᠢᠭᠤᠯᠬᠤ᠂ ᠬᠤᠲᠠ ᠶᠢᠨ ᠴᠢᠨᠠᠷ ᠳᠡᠰ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠬᠡᠪᠡᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠣᠷᠣᠰᠢᠨ ᠰᠠᠭᠤᠭᠰᠠᠳ ᠲᠤ ᠣᠮᠣᠭᠰᠢᠵᠤ᠂ ᠭᠠᠳᠠᠨ᠎ᠠ ᠠᠴᠠ ᠢᠷᠡᠭᠰᠡᠳ ᠤᠨ ᠦᠯᠡᠳᠡᠬᠦ ᠰᠠᠨᠠᠭ᠎ᠠ  ᠲᠠᠢ ᠪᠠᠶᠢᠬᠤ ᠬᠠᠷᠠᠯᠲᠠ ᠳᠤ ᠬᠦᠷᠦᠭᠦᠯᠬᠦ ᠬᠡᠷᠡᠭᠲᠡᠶ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ     ᠬᠤᠲᠠ ᠶᠢᠨ ᠲᠣᠭᠤᠷᠢᠭ ᠤᠨ ᠪᠤᠢ ᠪᠦᠬᠦᠢ ᠵᠡᠭᠡᠯᠢ ᠭᠤᠳᠤᠮᠵᠢ ᠶᠢ ᠠᠩᠭᠢᠯᠠᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶᠠᠨ ᠤ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠵᠡᠭᠡᠯᠢ ᠭᠤᠳᠤᠮᠵᠢ ᠨᠢᠭᠡᠪᠦᠷᠢ ᠶᠢ ᠨᠢᠭᠡ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠣᠪᠴᠢᠶᠠᠨ ᠤ ᠠᠵᠢᠯᠲᠠᠨ ᠵᠡᠭᠡᠯᠢ ᠭᠤᠳᠤᠮᠵᠢ ᠶᠢᠨ ᠳᠠᠷᠤᠭ᠎ᠠ ᠪᠠᠷ ᠲᠣᠮᠢᠯᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠬᠦᠴᠦᠨ ᠢ ᠨᠢᠭᠡᠳᠦᠯᠲᠡᠶ ᠲᠥᠯᠥᠪᠯᠡᠵᠦ᠂ ᠪᠦᠬᠦ ᠡᠳᠦᠷ ᠢᠶᠠᠷ ᠢᠶᠠᠨ ᠬᠤᠲᠠ ᠶᠢᠨ ᠨᠠᠷᠢᠯᠢᠭᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠨᠢᠬᠦᠯᠵᠦ᠂ ᠡᠳᠦᠷ ᠰᠥᠨᠢ ᠨᠢᠭᠡ ᠶᠠᠩᠵᠤ᠂ ᠵᠡᠭᠡᠯᠢ ᠭᠤᠳᠤᠮᠵᠢ ᠨᠢᠭᠡ ᠶᠠᠩᠵᠤ ᠪᠠᠶᠢᠬᠤ ᠶᠢ ᠦᠨᠡᠨᠬᠦ ᠪᠠᠲᠤᠯᠠᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠪᠦᠷᠢᠨ ᠡᠷᠬᠡ ᠲᠠᠢ ᠬᠠᠷᠢᠭᠤᠴᠠᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠴᠢᠩᠭ᠎ᠠ ᠨᠠᠶᠢᠳᠠᠪᠤᠷᠢᠵᠢᠭᠤᠯᠬᠤ᠂ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠡᠳᠦᠷ ᠲᠤᠲᠤᠮ ᠤᠨ ᠠᠵᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃     ᠭᠤᠷᠪᠠ᠂ ᠭᠤᠤᠯ ᠡᠭᠦᠷᠭᠡ ᠬᠠᠷᠢᠭᠤᠴᠠᠯᠭ᠎ᠠ     ᠡᠯ᠎ᠡ ᠵᠡᠭᠡᠯᠢ ᠭᠤᠳᠤᠮᠵᠢ ᠶᠢᠨ ᠳᠠᠷᠤᠭ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠨᠢ ︽ᠲᠤᠯᠤᠭᠠᠨ ᠬᠢᠨᠠᠯᠲᠠ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠄     ︵ᠨᠢᠭᠡ︶ ᠣᠷᠴᠢᠨ ᠲᠣᠭᠤᠷᠢᠨ ᠤ ᠠᠷᠢᠭᠤᠨ ᠴᠡᠪᠡᠷ ᠲᠤ ᠬᠢᠨᠠᠯᠲᠠ ᠲᠠᠯᠪᠢᠨ᠎ᠠ᠃ ᠠᠷᠢᠭᠤᠨ ᠴᠡᠪᠡᠷ ᠤᠨ ᠥᠨᠴᠥᠭ ᠪᠤᠯᠤᠩ ᠦᠭᠡᠢ᠂ ᠬᠤᠭ ᠨᠣᠪᠰᠢ᠂ ᠴᠠᠭᠠᠨ ᠥᠩᠭᠡᠲᠦ ᠬᠤᠭ ᠨᠣᠪᠰᠢ᠂ ᠲᠠᠮᠠᠬᠢᠨ ᠤᠳᠤᠭ᠎ᠠ᠂ ᠪᠣᠬᠢᠷ ᠤᠰᠤ ᠬᠤᠷᠠᠵᠤ ᠬᠠᠳᠠᠭᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠭ ᠨᠣᠪᠰᠢ ᠰᠢᠲᠠᠭᠠᠬᠤ ᠠᠵᠢᠯᠯᠠᠭ᠎ᠠ ᠥᠬᠡᠶ︔ ᠵᠢᠮᠢᠰ ᠤᠨ ᠬᠠᠯᠢᠰᠤᠨ ᠬᠠᠶᠢᠷᠴᠠᠭ ᠨᠢ ᠴᠡᠪᠡᠷ ᠴᠡᠮᠴᠡᠭᠡᠷ ᠪᠥᠭᠡᠳ ᠪᠦᠷᠢᠨ ᠪᠦᠲᠦᠨ ᠪᠠᠶᠢᠵᠤ᠂ ᠬᠤᠭ ᠨᠣᠪᠰᠢ ᠶᠢᠨ ᠰᠠᠭᠤᠮᠠᠯ ᠪᠠᠶᠢᠬᠤ ᠥᠬᠡᠶ︔ ᠨᠡᠶᠢᠲᠡ ᠶᠢᠨ ᠵᠣᠷᠯᠣᠩ ᠢ ᠴᠠᠭ ᠲᠤᠬᠠᠶ ᠳᠤᠨᠢ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ ᠮᠥᠷᠲᠡᠭᠡᠨ ᠪᠡᠯᠡᠳᠭᠡᠮᠵᠢ ᠨᠢ ᠪᠦᠷᠢᠨ ᠪᠦᠲᠦᠨ ᠪᠠᠶᠢᠵᠤ᠂ ᠢᠯᠠᠭ᠎ᠠ ᠪᠠᠲᠠᠭᠠᠨ᠎ᠠ᠂ ᠬᠠᠴᠢᠨ ᠦᠨᠦᠷ᠂ ᠪᠠᠭᠠᠰᠤ ᠰᠢᠭᠡᠰᠦ ᠥᠬᠡᠶ᠃     ︵ᠬᠤᠶᠠᠷ︶ ᠬᠤᠲᠠ ᠶᠢᠨ ᠦᠵᠡᠮᠵᠢ ᠶᠢᠨ ᠡᠮᠬᠢ ᠳᠢᠭᠯᠢᠮ ᠳᠤ ᠬᠢᠨᠠᠯᠲᠠ ᠲᠠᠯᠪᠢᠨ᠎ᠠ᠃ ᠵᠠᠮ ᠡᠵᠡᠯᠡᠨ ᠡᠵᠡᠩᠨᠡᠬᠦ ᠥᠬᠡᠶ᠂ ᠡᠭᠦᠳᠡ ᠠᠯᠤᠰᠯᠠᠨ ᠡᠵᠡᠩᠨᠡᠬᠦ᠂ ᠵᠠᠳᠠᠭᠠᠶ ᠰᠢᠷᠠᠮᠠᠯ ᠪᠠ ᠲᠡᠨᠦᠭᠦᠯ ᠬᠤᠳᠠᠯᠳᠤᠭᠠᠴᠢᠨ ᠫᠠᠨᠽᠠᠯᠠᠭᠴᠢ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠵᠦᠢᠯ ᠤᠨ ᠱᠤᠤᠭᠢᠶᠠᠨ᠂ ᠲᠣᠰᠣᠨ ᠤᠲᠤᠭᠠᠨ ᠤ ᠪᠣᠬᠢᠷᠲᠤᠯ ᠦᠭᠡᠢ︔ ᠬᠠᠮᠢᠶ᠎ᠠ ᠨᠠᠮᠢᠶ᠎ᠠ ᠦᠭᠡᠢ ︽ᠵᠢᠵᠢᠭ ᠵᠠᠷ︾ ᠢ ᠨᠠᠭᠠᠵᠤ ᠳᠤᠷ᠎ᠠ ᠪᠠᠷ ᠢᠶᠠᠨ ᠵᠢᠷᠤᠬᠤ︔ ᠬᠥᠨᠳᠡᠯᠡᠨ ᠭᠤᠯᠳᠤ ᠤᠷᠢᠶ᠎ᠠ ᠯᠣᠽᠦ᠋ᠩ᠂ ᠤᠲᠠᠰᠤ ᠲᠡᠭᠡᠰᠤ ᠶᠢ ᠬᠠᠮᠢᠶ᠎ᠠ ᠨᠠᠮᠢᠶ᠎ᠠ ᠦᠭᠡᠶ ᠲᠠᠳᠠᠨ ᠵᠡᠭᠡᠯᠢ ᠳᠠᠭᠠᠤ ᠬᠤᠪᠴᠠᠰᠤ ᠬᠤᠨᠠᠷ ᠢᠶᠠᠨ ᠬᠠᠲᠠᠭᠠᠬᠤ᠂ ᠵᠦᠯᠭᠦᠭᠦᠷ ᠢᠶᠠᠨ ᠬᠠᠲᠠᠭᠠᠬᠤ︔ ᠡᠪᠳᠡᠷᠡᠭᠰᠡᠨ᠂ ᠦᠰᠦᠭ ᠤᠨ ᠲᠢᠭ ᠨᠢ ᠡᠷᠡᠮᠳᠡᠭ ᠵᠡᠮᠳᠡᠭ᠂ ᠭᠡᠷᠡᠯ ᠲᠠᠰᠤᠷᠠᠭᠰᠠᠨ᠂ ᠳ᠋ᠧᠩ ᠤᠨ ᠬᠡᠷᠡᠭᠰᠡᠯ ᠨᠢ ᠡᠪᠳᠡᠭᠳᠡᠭᠰᠡᠨ ᠦᠭᠡᠢ ᠵᠠᠷ ᠤᠨ ᠫᠠᠶᠢᠰᠠ︔ ᠣᠯᠠᠨ ᠨᠡᠶᠢᠲᠡ ᠶᠢᠨ ᠲᠥᠬᠦᠭᠡᠷᠦᠮᠵᠢ᠂ ᠣᠶ ᠮᠣᠳᠣ᠂ ᠵᠦᠯᠭᠡ ᠭᠠᠵᠠᠷ ᠵᠡᠷᠭᠡ ᠶᠢ ᠡᠵᠡᠯᠡᠨ ᠬᠡᠷᠡᠭᠯᠡᠭᠰᠡᠨ ᠵᠠᠷ ᠮᠡᠳᠡᠭᠡ︔ ᠵᠠᠮ ᠡᠵᠡᠯᠡᠭᠰᠡᠨ ᠬᠤᠳᠠᠯᠳᠤᠭᠠᠨ ᠤ ᠡᠯ᠎ᠡ ᠵᠦᠢᠯ ᠤᠨ ᠵᠠᠷ ᠤᠨ ᠳ᠋ᠧᠩ ᠤᠨ ᠬᠠᠶᠢᠷᠴᠠᠭ ᠪᠠ ᠫᠠᠶᠢᠰᠠ ᠵᠡᠷᠭᠡ ᠦᠭᠡᠢ᠃      ︵ᠭᠤᠷᠪᠠ︶ ᠵᠠᠮ ᠬᠠᠷᠢᠯᠴᠠᠭᠠᠨ ᠤ ᠡᠮᠬᠢ ᠳᠢᠭᠯᠢᠮ ᠳᠤ ᠬᠢᠨᠠᠯᠲᠠ ᠲᠠᠯᠪᠢᠨ᠎ᠠ᠃ ᠬᠠᠮᠢᠶ᠎ᠠ ᠨᠠᠮᠢᠶ᠎ᠠ ᠦᠭᠡᠢ ᠵᠣᠭᠰᠣᠵᠤ ᠬᠠᠮᠢᠶ᠎ᠠ ᠨᠠᠮᠢᠶ᠎ᠠ ᠦᠭᠡᠢ ᠲᠠᠯᠪᠢᠬᠤ ᠦᠬᠡᠢ ᠶᠢ ᠪᠠᠲᠤᠯᠠᠬᠤ ᠬᠡᠷᠡᠭᠲᠡᠢ︔ ᠮᠠᠰᠢᠨᠲᠤ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠳᠤᠭᠤᠶ ᠲᠡᠷᠭᠡ ᠵᠡᠷᠭᠡ ᠬᠤᠳᠠ ᠶᠢᠨ ᠳᠦᠷᠰᠦ ᠪᠠᠶᠢᠳᠠᠯ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠨᠥᠯᠥᠭᠡᠯᠡᠬᠦ ᠦᠢᠯᠡ ᠠᠵᠢᠯᠯᠠᠭ᠎ᠠ ᠦᠭᠡᠢ︔ ᠭᠠᠵᠠᠷ ᠤᠨ ᠪᠠᠭᠠᠨ᠎ᠠ ᠶᠢᠨ ᠭᠠᠵᠠᠷ ᠤᠨ ᠣᠨᠢᠰᠤ ᠶᠢ ᠳᠤᠷ᠎ᠠ ᠪᠠᠷ ᠢᠶᠠᠨ ᠲᠣᠬᠢᠷᠠᠭᠤᠯᠤᠭᠰᠠᠨ ᠦᠭᠡᠶ ᠪᠠ ᠬᠠᠶᠠᠬᠳᠠᠮᠠᠯ ᠬᠠᠭᠤᠴᠢᠨ ᠡᠳ᠋ ᠤᠨ ᠲᠡᠷᠭᠡᠨ ᠤ ᠪᠠᠶᠢᠷᠢ ᠶᠢ ᠡᠵᠡᠯᠡᠨ ᠬᠡᠷᠡᠭᠯᠡᠬᠦ ᠬᠡᠷᠡᠭᠲᠡᠶ᠃     ︵ᠲᠦᠷᠪᠡ︶ ᠬᠤᠲᠠ ᠶᠢᠨ ᠶᠠᠪᠤᠳᠠᠯ ᠤᠨ ᠪᠡᠯᠡᠳᠬᠡᠮᠵᠢ ᠳᠤ ᠬᠢᠨᠠᠯᠲᠠ ᠲᠠᠯᠪᠢᠨ᠎ᠠ᠃ ᠵᠠᠮ ᠳᠡᠭᠡᠷᠡᠬᠢ ᠬᠤᠲᠣᠭᠤᠷ ᠬᠦᠳᠦᠭᠦᠷ ᠠᠩ ᠵᠠᠪᠰᠠᠷ︔ ᠬᠥᠮᠦᠨ ᠶᠠᠪᠤᠬᠤ ᠵᠠᠮ ᠤᠨ ᠡᠪᠳᠡᠷᠡᠯ ᠰᠦᠢᠳᠡᠯ︔ ᠵᠠᠮ ᠦᠭᠡᠢ ᠰᠤᠪᠠᠭ᠂ ᠴᠢᠯᠠᠭᠤᠨ ᠬᠤᠲᠣᠭᠤᠷ ᠭᠦᠳᠦᠭᠦᠷ ᠬᠠᠵᠠᠶᠢᠵᠤ ᠬᠠᠭᠠᠷᠠᠭᠰᠠᠨ ᠥᠨᠴᠥᠭ ᠨᠢ ᠵᠢᠭᠳᠡ ᠪᠢᠰᠢ︔ ᠪᠠᠶᠢᠴᠠᠭᠠᠯᠲᠠ ᠬᠢᠬᠦ ᠦᠭᠡᠢ ᠬᠤᠳᠳᠤᠭ ᠨᠢ ᠡᠪᠳᠡᠭᠳᠡᠨ ᠨᠤᠷᠠᠵᠤ ᠳᠣᠷᠭᠢᠯᠳᠤᠨ ᠬᠥᠳᠡᠯᠬᠦ ᠪᠠ ᠠᠰᠬᠠᠷᠠᠬᠤ︔ ᠳᠠᠮᠵᠢᠭᠤᠯᠬᠤ ᠬᠤᠭᠤᠯᠠᠶ ᠪᠠᠷ ᠭᠤᠤᠯ ᠬᠠᠮᠢᠶᠠᠷᠬᠤ ᠤᠲᠠᠰᠤᠨ ᠳᠤ ᠪᠤᠵᠠᠷ ᠤᠰᠤ ᠶᠢ ᠳᠤᠷ᠎ᠠ ᠪᠠᠷ ᠢᠶᠠᠨ ᠭᠠᠳᠠᠬᠰᠢᠯᠠᠭᠤᠯᠬᠤ ᠦᠵᠡᠭᠳᠡᠯ︔ ᠭᠤᠤᠯ ᠤᠨ ᠵᠠᠮ ᠤᠨ ᠣᠶᠢᠷᠠᠯᠴᠠᠭ᠎ᠠ ᠡᠷᠭᠢ ᠳᠤ ᠳᠤᠷ᠎ᠠ ᠪᠠᠷ ᠭᠠᠳᠠᠭᠰᠢᠯᠠᠭᠤᠯᠬᠤ᠂ ᠬᠤᠭ ᠨᠣᠪᠰᠢ ᠬᠤᠷᠠᠮᠳᠤᠨ ᠬᠥᠪᠬᠦ᠂ ᠡᠷᠭᠢ ᠬᠠᠮᠠᠭᠠᠯᠠᠬᠤ ᠬᠡᠷᠡᠰᠬᠡ ᠬᠠᠮᠠᠭᠠᠯᠠᠬᠤ ᠵᠡᠷᠭᠡ ᠪᠡᠯᠡᠳᠬᠡᠮᠵᠢ ᠡᠪᠳᠡᠷᠡᠵᠦ ᠰᠦᠢᠳᠦᠭᠰᠡᠨ ᠵᠢᠴᠢ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ︔ ᠵᠠᠮ ᠤᠨ ᠬᠤᠶᠠᠷ ᠬᠠᠵᠠᠭᠤ ᠪᠠᠷ ᠪᠠᠶᠢᠭᠤᠯᠤᠭᠰᠠᠨ᠂ ᠪᠠᠶᠢᠭᠤᠯᠤᠭᠰᠠᠨ ᠪᠣᠳᠠᠰ ᠤᠨ ᠪᠣᠰᠤᠭ᠎ᠠ ᠲᠠᠯ᠎ᠠ ᠳᠤ ᠡᠪᠳᠡᠷᠭᠡᠢ ᠬᠠᠭᠤᠴᠢᠨ ᠡᠮᠬᠢ ᠵᠠᠮᠪᠠᠷᠠᠭ᠎ᠠ ᠥᠬᠡᠶ ᠵᠡᠷᠭᠡ ᠴᠡᠪᠡᠷ ᠲᠡᠭᠰᠢ ᠭᠤᠸ᠎ᠠ ᠰᠠᠶᠢᠬᠠᠨ ᠢ ᠨᠥᠯᠥᠭᠡᠯᠡᠬᠦ ᠠᠰᠠᠭᠤᠳᠠᠯ︔ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠴᠠᠬᠢᠯᠭᠠᠨ ᠬᠦᠴᠦᠨ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠡᠯᠡᠳᠬᠡᠮᠵᠢ ᠨᠢ ᠡᠪᠳᠡᠷᠡᠯ ᠰᠦᠢᠳᠦᠯ ᠲᠠᠢ ᠬᠠᠵᠠᠭᠠᠶ ᠵᠢᠪᠡᠷᠡᠵᠦ ᠢᠳᠡᠭᠳᠡᠭᠰᠡᠨ︔ ᠪᠠᠷᠢᠯᠭ᠎ᠠ ᠶᠢᠨ ᠭᠠᠵᠠᠷ ᠢ ᠪᠢᠲᠡᠭᠦᠮᠵᠢᠯᠡᠵᠦ᠂ ᠪᠠᠷᠢᠯᠭ᠎ᠠ ᠶᠢᠨ ᠮᠠᠰᠢᠨ᠂ ᠪᠣᠳᠠᠰ ᠤᠨ ᠮᠠᠲ᠋ᠧᠷᠢᠶᠠᠯ ᠢ ᠲᠡᠷᠢ ᠲᠡᠭᠰᠢ ᠲᠠᠯᠪᠢᠵᠤ᠂ ᠪᠠᠷᠢᠯᠭ᠎ᠠ ᠶᠢᠨ ᠭᠠᠵᠠᠡᠷ ᠤᠨ ᠬᠦᠷᠢᠶ᠎ᠡ ᠬᠡᠪᠴᠢᠶ᠎ᠡ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃     ︵ᠲᠠᠪᠤ︶ ᠬᠠᠤᠯᠢ ᠠᠴᠠ ᠵᠥᠷᠢᠴᠡᠭᠰᠡᠨ ᠪᠠᠶᠢᠭᠤᠯᠤᠯᠲᠠ ᠳᠤ ᠬᠢᠨᠠᠯᠲᠠ ᠲᠠᠯᠪᠢᠨ᠎ᠠ᠃ ᠬᠤᠲᠠ ᠶᠢᠨ ᠶᠠᠪᠤᠳᠠᠯ ᠤᠨ ᠵᠠᠮ ᠤᠨ ᠬᠡᠪᠴᠢᠶᠡᠨ ᠳᠣᠲᠣᠷ᠎ᠠ ᠵᠠᠮ ᠡᠵᠡᠯᠡᠬᠦ ᠪᠣᠳᠠᠰ ᠦᠭᠡᠢ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠶ︔ ᠭᠤᠶᠠᠴᠢ ᠦᠭᠡᠢ ᠳᠤᠷ᠎ᠠ ᠪᠠᠷ ᠢᠶᠠᠨ ᠪᠠᠶᠢᠭᠤᠯᠬᠤ︔ ᠶᠠᠭ ᠪᠠᠷᠢᠵᠤ ᠪᠠᠶᠢᠭ᠎ᠠ ᠪᠠᠷᠢᠯᠭ᠎ᠠ ᠶᠢᠨ ᠭᠠᠵᠠᠷ ᠨᠢ ᠱᠠᠭᠠᠷᠳᠠᠯᠭ᠎ᠠ ᠶᠣᠰᠣᠭᠠᠷ ᠪᠦᠳᠦᠭᠡᠨ ᠪᠠᠶᠢᠭᠤᠯᠵᠤ ᠪᠠᠷᠢᠯᠭ᠎ᠠ ᠪᠠᠷᠢᠨ᠎ᠠ︔ ᠬᠤᠲᠠ ᠪᠠᠯᠭᠠᠰᠤᠨ ᠤ ᠲᠥᠯᠥᠪᠵᠢᠭᠦᠯᠭᠡ ᠠᠴᠠ ᠵᠥᠷᠢᠴᠡᠭᠰᠡᠨ ᠦᠭᠡᠢ ᠵᠡᠷᠭᠡ ᠪᠣᠯᠤᠨ᠎ᠠ᠃     ︵ᠵᠢᠷᠭᠤᠭ᠎ᠠ︶ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠢᠨᠠᠯᠲᠠ ᠲᠠᠯᠪᠢᠨ᠎ᠠ᠃ ᠰᠢᠷ᠎ᠠ ᠬᠥᠷᠥᠰᠥ ᠶᠢᠨ ᠨᠢᠴᠦᠭᠦᠨ ᠴᠤᠬᠤᠶᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠲᠠᠭᠤ ᠮᠣᠳᠣ ᠲᠠᠢ ᠴᠥᠭᠡᠨ ᠨᠣᠭᠤᠭᠠᠨ ᠬᠤᠪᠠᠭ᠋ᠠᠶ ᠰᠠᠯᠠᠭ᠎ᠠ ᠲᠠᠢ ᠦᠯᠡᠳᠡᠭᠳᠡᠯ ᠪᠠᠭᠠᠨ᠎ᠠ︔ ᠬᠦᠷᠢᠶ᠎ᠡ ᠬᠡᠪᠴᠢᠶ᠎ᠡ ᠬᠠᠮᠢᠶᠠᠷᠬᠤ ᠦᠭᠡᠢ ᠪᠠᠷ ᠨᠣᠭᠤᠭᠠᠷᠠᠭᠤᠯᠤᠯᠲᠠ ᠶᠢ ᠡᠪᠳᠡᠬᠦ︔ ᠵᠦᠯᠭᠡ ᠭᠠᠵᠠᠷ ᠢ ᠡᠵᠡᠯᠡᠨ ᠳᠠᠷᠤᠬᠤ ᠥᠬᠡᠶ︔ ᠬᠠᠮᠢᠶ᠎ᠠ ᠨᠠᠮᠢᠶ᠎ᠠ ᠦᠭᠡᠢ  ᠡᠯᠬᠦᠬᠦ︔ ᠨᠣᠭᠤᠭᠠᠷᠠᠭᠤᠯᠤᠯᠲᠠ ᠶᠢᠨ ᠪᠦᠰᠡ᠂ ᠮᠣᠳᠣᠨ ᠴᠥᠭᠦᠷᠥᠮ ᠳᠤ ᠬᠤᠭ ᠨᠣᠪᠰᠢ᠂ ᠬᠤᠭ ᠡᠪᠡᠰᠦ ᠣᠪᠣᠭᠠᠷᠠᠨ ᠤᠷᠭᠤᠬᠤ︔ ᠴᠢᠬᠤᠯᠠ ᠶᠡᠭᠡ ᠪᠠᠶᠠᠷ ᠤᠨ ᠡᠳᠦᠷ ᠪᠠ ᠴᠢᠬᠤᠯᠠ ᠠᠵᠢᠯᠯᠠᠭ᠎ᠠ ᠲᠣᠬᠢᠶᠠᠯᠳᠤᠪᠠᠯ ᠬᠠᠷᠢᠭᠤᠴᠠᠬᠤ ᠣᠷᠣᠨ ᠪᠦᠰᠡ ᠶᠢᠨ ᠲᠤᠳᠤᠷᠠᠬᠢ ᠨᠣᠭᠤᠭᠠᠷᠠᠭᠤᠯᠤᠯᠲᠠ ᠶᠢᠨ ᠪᠦᠰᠡ᠂ ᠶᠠᠪᠠᠭᠠᠨ ᠬᠥᠮᠦᠨ ᠤ ᠵᠠᠮ ᠤᠨ ᠮᠣᠳᠣᠨ ᠤ ᠲᠠᠲᠠᠭᠠᠯ ᠳᠠᠬᠢ ᠬᠤᠭ ᠨᠣᠪᠰᠢ ᠶᠢ ᠪᠥᠬᠦ ᠲᠠᠯ᠎ᠠ ᠪᠠᠷ ᠢᠯᠭᠠᠷᠠᠭᠤᠯᠬᠤ ᠬᠡᠷᠡᠭᠲᠡᠶ᠃    ︵ᠳᠣᠯᠤᠭ᠎ᠠ︶ ᠵᠢᠵᠢᠭ ᠲᠣᠭᠤᠷᠢᠭ ᠤᠨ ᠠᠳᠠᠯ ᠠᠬᠤᠢ ᠶᠢᠨ ᠣᠷᠴᠢᠨ ᠲᠣᠭᠤᠷᠢᠨ ᠳᠤ ᠬᠢᠨᠠᠯᠲᠠ ᠲᠠᠯᠪᠢᠨ᠎ᠠ᠃ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠤᠶᠠᠷ ᠬᠠᠵᠠᠭᠤ ᠶᠢᠨ ᠵᠢᠵᠢᠭ ᠲᠣᠭᠤᠷᠢᠭ ᠤᠨ ᠠᠰᠠᠷ ᠬᠦᠷᠢᠶ᠎ᠡ ᠶᠢ ᠡᠷᠦᠶ ᠬᠤᠷᠤᠶ ᠥᠬᠡᠶ ᠣᠪᠣᠭᠠᠯᠠᠬᠤ ᠥᠬᠡᠶ᠂ ᠳᠤᠷ᠎ᠠ ᠪᠠᠷ ᠢᠶᠠᠨ ᠪᠠᠶᠢᠭᠤᠯᠬᠤ᠂ ᠳᠤᠷ᠎ᠠ ᠪᠠᠷ ᠢᠶᠠᠨ ᠬᠦᠷᠢᠶᠡᠯᠡᠨ  ᠡᠵᠡᠯᠡᠬᠦ᠂ ᠳᠤᠷ᠎ᠠ ᠪᠠᠷ ᠢᠶᠠᠨ ᠡᠯᠭᠦᠬᠦ᠂ ᠳᠤᠷ᠎ᠠ ᠪᠠᠷ ᠢᠶᠠᠨ ᠨᠠᠭᠠᠬᠤ᠂ ᠳᠤᠷ᠎ᠠ ᠪᠠᠷ ᠢᠶᠠᠨ ᠬᠠᠶᠠᠬᠤ︔ ᠰᠠᠭᠤᠭᠠᠯᠢ ᠲᠣᠭᠤᠷᠢᠭ ᠤᠨ ᠡᠯ᠎ᠡ ᠲᠥᠷᠥᠯ ᠤᠨ ᠣᠯᠠᠨ ᠨᠡᠶᠢᠲᠡ ᠶᠢᠨ ᠲᠥᠬᠦᠭᠡᠷᠦᠮᠵᠢ ᠪᠦᠷᠢᠨ ᠪᠦᠲᠦᠨ ᠪᠠᠶᠢᠬᠤ ᠡᠰᠡᠬᠦ ᠵᠡᠷᠭᠡ᠃     ᠲᠦᠷᠪᠡ᠂ ᠠᠵᠢᠯ ᠤᠨ ᠲᠣᠭᠲᠠᠴᠠ    ︵ᠨᠢᠭᠡ︶ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠎ᠠ᠃ ᠵᠡᠭᠡᠯᠢ ᠭᠤᠳᠤᠮᠵᠢ ᠶᠢᠨ ᠳᠠᠷᠤᠭ᠎ᠠ ᠲᠦᠷᠦᠭᠦᠯᠡᠨ ᠬᠢᠵᠦ᠂ ᠬᠠᠷᠢᠭᠤᠴᠠᠵᠤ ᠪᠠᠶᠢᠭ᠎ᠠ ᠬᠤᠲᠠ ᠶᠢᠨ ᠵᠡᠭᠡᠯᠢ ᠭᠤᠳᠤᠮᠵᠢ ᠶᠢᠨ ᠣᠷᠣᠨ ᠪᠦᠰᠡ ᠶᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠶ ᠶᠢᠨ ᠲᠠᠯᠠᠪᠠᠢ ᠳᠤ ᠲᠣᠭᠤᠷᠢᠨ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠠᠭ ᠲᠤᠬᠠᠶ ᠳᠤᠨᠢ ᠰᠢᠪᠠᠳᠠᠨ᠎ᠠ᠃ ᠵᠠᠷᠴᠢᠮ ᠳᠡᠭᠡᠷ᠎ᠡ ᠪᠠᠨ ᠵᠡᠭᠡᠯᠢ ᠭᠤᠳᠤᠮᠵᠢ ᠶᠢᠨ ᠶᠡᠷᠦᠩᠬᠡᠶ ᠳᠠᠷᠤᠭ᠎ᠠ ᠰᠠᠷ᠎ᠠ ᠪᠦᠷᠢ 4 ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠵᠤ᠂ ᠵᠡᠭᠡᠯᠢ ᠭᠤᠳᠤᠮᠵᠢ ᠶᠢᠨ ᠳᠠᠷᠤᠭ᠎ᠠ ᠭᠠᠷᠠᠭ ᠪᠦᠷᠢ 4 ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠵᠤ᠂  ᠬᠢᠨᠠᠯᠳᠠ ᠲᠠᠯᠪᠢᠬᠤ ᠰᠠᠯᠠᠭ᠎ᠠ ᠮᠥᠴᠢᠷ ᠨᠢᠭᠡᠴᠡ ᠡᠳᠦᠷ ᠪᠦᠷᠢ 2 ᠤᠳᠠᠭ᠎ᠠ ᠠᠴᠠ ᠳᠤᠲᠠᠭᠤ ᠦᠭᠡᠢ ᠲᠣᠭᠤᠷᠢᠨ ᠪᠠᠶᠢᠴᠠᠭᠠᠨ᠎ᠠ᠃     ︵ᠬᠤᠶᠠᠷ︶ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ᠎ᠠ᠃ ᠣᠯᠠᠨ ᠲᠦᠮᠡᠨ ᠢ ᠭᠦᠢᠴᠡᠳ ᠳᠠᠶᠢᠴᠢᠯᠠᠨ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠣᠯᠠᠨ ᠨᠡᠶᠢᠲᠡ ᠶᠢᠨ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ᠂ ᠬᠦᠯᠢᠶᠡᠨ ᠠᠪᠴᠤ ᠰᠢᠢᠳᠪᠦᠷᠢᠯᠡᠬᠦ᠂ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠦᠨ᠎ᠡ᠃ ᠡᠭᠦᠨ ᠤ ᠬᠠᠮᠲᠤ᠂ ᠵᠢᠵᠢᠭ ᠲᠣᠭᠤᠷᠢᠭ ᠤᠨ ᠳᠣᠣᠷᠠᠴᠢᠯᠠᠭᠰᠠᠨ ᠬᠢᠨᠠᠯᠲᠠ ᠲᠠᠯᠪᠢᠯᠲᠠ ᠶᠢᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠰᠠᠭᠤᠵᠤ ᠪᠠᠶᠢᠭ᠎ᠠ ᠠᠯᠪᠠᠨ ᠲᠤᠰᠢᠶᠠᠯᠲᠠᠨ ᠪᠣᠯ ᠲᠣᠰ ᠬᠠᠷᠢᠭᠤᠴᠠᠯᠭᠠᠲᠤ ᠣᠷᠣᠨ ᠤ ᠠᠯᠪᠠᠨ ᠵᠢᠷᠤᠮ ᠤᠨ ᠬᠢᠨᠠᠯᠲᠠ ᠲᠠᠯᠪᠠᠭᠴᠢ ᠪᠣᠯᠬᠤ ᠲᠤᠯᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠱᠢᠶᠡᠴᠢ ᠪᠠᠷ ᠲᠦᠷᠦᠭᠦᠯᠡᠨ ᠬᠦᠢᠴᠡᠳᠭᠡᠭᠦ ᠶᠢᠨ ᠬᠠᠮᠲᠤ ᠬᠢᠨᠠᠯᠲᠠ ᠲᠠᠯᠪᠢᠯᠲᠠ ᠪᠠᠨ ᠬᠦᠢᠴᠡᠳᠭᠡᠭᠦ ᠬᠡᠷᠡᠭᠲᠡᠶ᠃ ᠮᠡᠳᠡᠭᠡ ᠵᠠᠩᠭᠢ ᠨᠡᠶᠢᠲᠡᠯᠡᠬᠦ ᠲᠠᠪᠴᠠᠩ ᠢ ᠪᠠᠶᠢᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠨ ᠵᠡᠭᠡᠯᠢ ᠭᠤᠳᠤᠮᠵᠢ ᠶᠢᠨ ᠳᠠᠷᠤᠭ᠎ᠠ ᠶᠢᠨ ᠨᠡᠷᠡᠰ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠡᠯ᠎ᠡ ᠵᠡᠭᠡᠯᠢ ᠭᠤᠳᠤᠮᠵᠢ ᠶᠢᠨ ᠢᠯᠡ ᠭᠠᠵᠠᠷ ᠲᠤ ᠵᠡᠭᠡᠯᠢ ᠭᠤᠳᠤᠮᠵᠢ ᠶᠢᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠶᠢ ᠲᠤᠬᠢᠷᠠᠭᠤᠯᠤᠨ᠎ᠠ᠃ ᠵᠡᠭᠡᠯᠢ ᠭᠤᠳᠤᠮᠵᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠵᠠᠮ ᠤᠨ ᠬᠡᠰᠡᠭ᠂ ᠬᠢᠨᠠᠯᠲᠠ ᠲᠠᠯᠪᠢᠬᠤ ᠳ᠋ᠢᠶᠠᠩᠬᠤᠸᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠨᠡᠶᠢᠭᠡᠮ ᠤᠨ ᠬᠢᠨᠠᠯᠳᠠ ᠲᠠᠯᠪᠢᠬᠤ ᠶᠢ ᠬᠦᠯᠢᠶᠡᠨ᠎ᠡ᠃    ︵ᠭᠤᠷᠪᠠ︶ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠤᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠢᠨᠠᠨ ᠰᠢᠯᠭᠠᠯᠲᠠ ᠶᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠭᠤᠨ ᠤ ᠬᠤᠪᠢ ᠶᠢᠨ ᠳᠦᠷᠢᠮ ᠤᠨ ᠬᠠᠮᠢᠶᠠᠷᠤᠯᠳᠠ ᠶᠢᠨ ᠠᠷᠭ᠎ᠠ ᠶᠢ ᠲᠣᠭᠲᠠᠭᠠᠵᠤ ᠬᠤᠪᠢ ᠣᠯᠭᠤᠨ᠎ᠠ᠃ ᠡᠳᠦᠷ ᠲᠤᠲᠤᠮ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠵᠢᠴᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠳᠦᠰᠦᠯᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠬᠤᠪᠢ ᠶᠢ ᠬᠠᠰᠤᠵᠤ᠂ ᠬᠠᠰᠤᠭᠰᠠᠨ ᠤ ᠳᠠᠷᠠᠭ᠎ᠠ ᠮᠥᠨ ᠬᠦ ᠵᠣᠬᠢᠬᠤ ᠬᠤᠪᠢ ᠳᠤ ᠬᠦᠷᠴᠦ ᠳᠡᠶᠢᠯᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠠᠮᠵᠢᠯᠲᠠ ᠪᠦᠲᠦᠮᠵᠢ ᠶᠢᠨ ᠱᠠᠩᠨᠠᠯ ᠣᠯᠭᠤᠨ᠎ᠠ᠃ ᠡᠭᠦᠨ ᠢᠶᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠤ ᠠᠵᠢᠯ ᠤᠨ ᠢᠳᠡᠪᠬᠢᠵᠢᠯ ᠢ ᠬᠦᠢᠴᠡᠳ ᠪᠠᠳᠠᠷᠠᠭᠤᠯᠤᠨ᠎ᠠ᠃ ᠺᠠᠳ᠋ᠷ ᠠᠵᠢᠯᠲᠠᠨ ᠠᠵᠢᠯᠴᠢᠨ ᠤ ᠬᠢᠨᠠᠨ ᠰᠢᠯᠭᠠᠯᠲᠠ ᠶᠢ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠠᠵᠢᠯ ᠤᠨ ᠪᠣᠳᠠᠲᠤ ᠠᠮᠵᠢᠯᠲᠠ ᠵᠢᠴᠢ ᠬᠠᠷᠢᠭᠤᠴᠠᠵᠤ ᠪᠠᠶᠢᠭ᠎ᠠ ᠵᠡᠭᠡᠯᠢ ᠭᠤᠳᠤᠮᠵᠢ ᠶᠢᠨ ᠶᠡᠷᠦᠩᠬᠡᠶ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ ᠠᠳᠠᠯᠢᠳᠬᠠᠨ ᠰᠢᠯᠭᠠᠷᠠᠭᠤᠯᠤᠨ᠎ᠠ᠃ ᠯᠠᠪᠳᠠᠭᠤᠨ ᠪᠠᠲᠤᠲᠠᠶ ᠠᠵᠢᠯᠯᠠᠵᠤ᠂ ᠢᠳᠡᠪᠬᠢᠲᠡᠶ ᠪᠠᠷ ᠳᠠᠪᠰᠢᠬᠤ ᠬᠥᠮᠦᠰ ᠢ ᠬᠥᠮᠦᠵᠢᠭᠦᠯᠵᠦ᠂ ᠵᠢᠯ ᠤᠨ ᠡᠴᠦᠰ ᠤᠨ ᠰᠢᠯᠢᠳᠡᠭ ᠢ ᠰᠢᠯᠭᠠᠷᠠᠭᠤᠯᠤᠨ ᠰᠣᠩᠭᠤᠬᠤ ᠪᠡᠯᠡᠳᠬᠡᠯ ᠤᠨ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠵᠤ᠂ ᠠᠵᠢᠯ ᠤᠨ ᠳᠤᠮᠳᠠ ᠲᠦᠯᠬᠢᠯᠴᠡᠨ ᠨᠠᠵᠠᠭᠠᠶᠢᠷᠠᠨ ᠠᠷᠭᠠᠴᠠᠭᠰᠠᠳ ᠲᠤ ᠪᠣᠯᠵᠣᠨ ᠬᠥᠮᠦᠵᠢᠯ ᠬᠢᠨ᠎ᠡ᠃ ᠴᠢᠬᠤᠯᠠᠲᠠᠶ ᠦᠶ᠎ᠡ ᠳᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠡᠬᠢᠯᠡᠭᠦᠯᠦᠨ  ᠰᠢᠢᠳᠪᠦᠷᠢᠯᠡᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠹᠧᠩᠵᠧᠨ ᠬᠤᠲᠠ ᠶᠢᠨ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠡᠭᠦᠯᠳᠡᠷᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ ᠬᠡᠷᠡᠭᠵᠢᠭᠦᠯᠵᠦ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠢᠳᠡᠪᠬᠢᠲᠡᠶ ᠬᠠᠮᠵᠢᠯᠴᠠᠨ ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠦ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾ ᠤᠨ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠪᠠ  ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃     ︵ᠬᠤᠶᠠᠷ︶ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ  ᠪᠤᠯᠭᠠᠨ᠎ᠠ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠪᠠᠨ ᠴᠢᠩᠭᠠᠳᠬᠠᠨ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠡᠯ᠎ᠡ ᠵᠦᠢᠯ ᠤᠨ ᠵᠠᠭᠤᠴᠢᠯᠠᠭᠤᠷ ᠪᠣᠯᠤᠨ ᠤᠯᠠᠮᠵᠢᠯᠠᠬᠤ ᠠᠷᠭ᠎ᠠ ᠪᠠᠷᠢᠯ ᠢ ᠬᠦᠢᠴᠡᠳ ᠠᠰᠢᠭᠯᠠᠵᠤ᠂ ᠥᠷᠭᠡᠨ ᠢᠶᠠᠷ ᠤᠬᠠᠭᠤᠯᠤᠨ ᠬᠥᠲᠥᠯᠥᠨ ᠵᠢᠯᠣᠭᠤᠳᠴᠤ᠂ ᠨᠡᠶᠢᠭᠡᠮ ᠤᠨ ᠳᠠᠶᠢᠴᠢᠯᠠᠯᠲᠠ ᠶᠢ ᠥᠷᠨᠢᠭᠦᠯᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠢ ᠬᠤᠲᠠ ᠶᠢᠨ ᠬᠠᠮᠢᠶᠠᠷᠤᠯᠲᠠ ᠳᠤ ᠥᠷᠭᠡᠨ ᠢᠶᠠᠷ ᠣᠷᠣᠯᠴᠠᠭᠤᠯᠵᠤ᠂ ᠳᠡᠷᠭᠡᠳᠡᠬᠢ ᠬᠥᠮᠦᠰ ᠢᠶᠠᠨ ᠳᠡᠷᠭᠡᠳᠡᠬᠢ ᠶᠠᠪᠤᠳᠠᠯ ᠢᠶᠠᠨ ᠰᠠᠶᠢᠲᠤᠷ ᠬᠠᠮᠢᠶᠠᠷᠠᠭᠤᠯᠤᠨ᠎ᠠ᠃ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠶᠢ ᠴᠢᠬᠤᠯᠠᠴᠢᠯᠠᠵᠤ᠂ ᠲᠤᠷᠰᠢᠯᠭ᠎ᠠ ᠶᠢ ᠳᠡᠯᠭᠡᠷᠡᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃     ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠢ ᠲᠦᠯᠬᠢᠨ ᠠᠬᠢᠭᠤᠯᠬᠤ ᠬᠢᠨᠠᠨ ᠵᠢᠯᠣᠭᠤᠳᠴᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠠᠴᠠ ᠬᠠᠮᠢᠶ᠎ᠠ ᠪᠦᠬᠦᠢ ᠬᠥᠮᠦᠰ ᠢ ᠰᠣᠩᠭᠤᠨ ᠪᠠᠶᠢᠴᠠᠭᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠤᠶᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠷᠭ᠎ᠠ ᠶᠢ ᠠᠪᠴᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠦᠬᠦ ᠬᠤᠲᠠ ᠶᠢᠨ ᠡᠯ᠎ᠡ ᠵᠡᠭᠡᠯᠢ ᠭᠤᠳᠤᠮᠵᠢ ᠶᠢᠨ ︽ᠳᠣᠯᠣᠭᠠᠨ ᠬᠢᠨᠠᠯᠳᠠ︾ ᠶᠢ  ᠨᠠᠶᠢᠳᠠᠪᠤᠷᠢᠵᠢᠭᠤᠯᠤᠬᠰᠠᠨ ᠪᠠᠶᠢᠳᠠᠯ ᠢ ᠪᠣᠳᠠᠲᠠᠢ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠳᠤ ᠱᠠᠯᠠᠪᠳᠠᠭᠤᠯᠤᠨ ᠪᠠᠶᠢᠴᠠᠭᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤ ᠲᠤᠰᠬᠠᠵᠤ᠂ ᠲᠡᠷᠡᠴᠢᠯᠡᠨ ᠬᠠᠨᠳᠤᠯᠭᠠᠲᠤ ᠴᠢᠨᠠᠷ ᠲᠠᠢ ᠪᠠᠷ ᠬᠠᠷᠢᠭᠤ ᠰᠤᠷᠪᠤᠯᠵᠢᠯᠠᠵᠤ᠂ ᠳᠠᠯᠳᠠᠭᠤᠷ ᠰᠤᠷᠪᠤᠯᠵᠢᠯᠠᠵᠤ᠂ ︽ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾ ᠤᠨ ᠠᠵᠢᠯ ᠳᠤ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃                            ᠤᠷᠴᠢᠭᠤᠯᠤᠬᠴᠢ᠄  ᠬᠠᠨ ᠰᠢᠶᠤᠤ ᠿᠦᠩ                            ᠬᠢᠨᠠᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3