90% ᠤᠨ ᠮᠠᠰᠢᠨ ᠲᠡᠷᠭᠡᠨ ᠤ ᠭᠤᠤᠯ ᠳᠠᠭᠠᠳᠬᠠᠯ ᠤᠨ ᠰᠦᠢᠳᠭᠡᠯ ᠪᠠᠭᠤᠷᠠᠪᠠ᠂ ᠲᠠᠨ ᠤ ᠮᠠᠰᠢᠨ ᠲᠡᠷᠭᠡ ᠡᠭᠦᠨ ᠳᠤ ᠪᠠᠭᠳᠠᠵᠤ ᠪᠠᠶᠢᠨ᠎ᠠ ᠤᠤ︖
ᠨᠡᠶᠢᠲᠡᠯᠡᠭᠰᠡᠨ ᠴᠠᠭ᠄
2020/12/22
     9 ᠰᠠᠷ᠎ᠠ ᠶᠢᠨ 19 ᠤ ᠡᠳᠦᠷ᠂ ︽ᠦᠨ᠎ᠡ ᠪᠠᠭᠤᠷᠠᠭᠤᠯᠬᠤ᠂ ᠳᠠᠭᠠᠳᠬᠠᠯ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠬᠠᠷᠠᠯᠲᠠ ᠪᠣᠯᠭᠠᠭᠰᠠᠨ ᠮᠠᠰᠢᠨ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠢᠩᠬᠢᠨᠢ ᠪᠠᠷ ᠬᠡᠷᠡᠭᠵᠢᠭᠦᠯᠪᠡ᠃ ᠬᠤᠶᠠᠷ ᠰᠠᠷ᠎ᠠ ᠢᠯᠡᠭᠦᠦ ᠥᠩᠭᠡᠷᠡᠯ᠎ᠡ᠂ ᠡᠨᠡ ᠬᠤᠭᠤᠴᠠᠭᠠᠨ ᠳᠤ ᠲᠠ ᠮᠠᠰᠢᠨ ᠲᠡᠷᠭᠡᠨ ᠳᠠᠭᠠᠳᠬᠠᠯ ᠬᠤᠳᠠᠯᠳᠤᠨ ᠠᠪᠤᠬᠰᠠᠨ ᠤᠤ︖ ᠳᠠᠭᠠᠳᠬᠠᠯ ᠤᠨ ᠰᠦᠢᠳᠭᠡᠯ ᠪᠠᠭᠤᠷᠠᠬᠰᠠᠨ ᠤᠤ︖ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2019 ᠣᠨ ᠳᠤ ᠮᠠᠨ ᠤ ᠤᠯᠤᠰ ᠤᠨ ᠮᠠᠰᠢᠨ ᠲᠡᠷᠭᠡᠨ ᠤ ᠳᠠᠭᠠᠳᠬᠠᠯ ᠬᠢᠭᠰᠡᠨ ᠮᠠᠰᠢᠨ ᠲᠡᠷᠭᠡ 2.6 ᠳ᠋ᠦᠩᠰᠢᠭᠤᠷ ᠬᠦᠷᠴᠦ᠂ ᠳᠠᠭᠠᠳᠬᠠᠯ ᠤᠨ ᠰᠦᠢᠳᠭᠡᠯ ᠤᠨ ᠣᠷᠣᠯᠭ᠎ᠠ 8189 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠬᠦ᠋ᠷᠦᠩᠭᠡ ᠶᠢᠨ ᠳᠠᠭᠠᠳᠬᠠᠯ ᠤᠨ ᠰᠦᠢᠳᠭᠡᠯ ᠤᠨ 63% ᠶᠢ ᠡᠵᠡᠯᠡᠪᠡ᠃ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠳᠡᠭᠡᠭᠰᠢᠯᠡᠵᠦ᠂ ᠶᠡᠷᠦᠩᠬᠡᠶ ᠬᠠᠷᠢᠭᠤᠴᠠᠯᠭ᠎ᠠ ᠶᠢᠨ ᠬᠢᠵᠠᠭᠠᠷ ᠲᠤᠭ᠎ᠠ ᠶᠢ 12.2 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠲᠥᠯᠥᠪᠦᠷᠢ ᠦᠭᠭᠦ ᠶᠠᠪᠤᠳᠠᠯ ᠭᠠᠷᠭᠠᠬᠰᠠᠨ ᠦᠭᠡᠢ ᠮᠠᠰᠢᠨ ᠲᠡᠷᠭᠡᠨ ᠤ ᠡᠵᠡᠨ ᠳᠤ ᠦᠭᠭᠦ ᠰᠦᠢᠳᠭᠡᠯ ᠤᠨ ᠨᠣᠷᠮ᠎ᠠ ᠶᠢ ᠬᠠᠮᠤᠭ ᠥᠨᠳᠥᠷ ᠲᠡᠭᠡᠨ 30% ᠶᠢᠨ ᠬᠠᠷᠠᠭᠠᠯᠵᠠᠯ ᠲᠠᠢ ᠪᠠᠶᠢᠬᠰᠠᠨ ᠠᠴᠠ ᠨᠢ 50% ᠶᠢᠨ ᠬᠠᠷᠠᠭᠠᠯᠵᠠᠯ ᠲᠠᠢ ᠪᠣᠯᠭᠠᠨ ᠲᠡᠭᠡᠭᠰᠢᠯᠡᠬᠦᠯᠵᠡᠢ᠃ ᠮᠠᠰᠢᠨ ᠲᠡᠷᠭᠡᠨ ᠤ ᠬᠤᠳᠠᠯᠳᠤᠭᠠᠨ ᠤ ᠳᠠᠭᠠᠳᠬᠠᠯ ᠤᠨ ᠬᠠᠷᠢᠭᠤᠴᠠᠯᠭ᠎ᠠ ᠨᠠᠩ ᠪᠦᠬᠦ ᠲᠠᠯ᠎ᠠ ᠶᠢᠨ ᠪᠣᠯᠵᠤ᠂ ᠲᠡᠷᠭᠡᠨ ᠤ ᠬᠤᠬᠢᠷᠠᠯ ᠤᠨ ᠳᠠᠭᠠᠳᠬᠠᠯ ᠤᠨ ᠭᠤᠤᠯ ᠳᠠᠭᠠᠳᠬᠠᠯ ᠳᠤ ᠲᠡᠷᠭᠡ ᠶᠢ ᠬᠤᠯᠠᠭᠠᠶᠢᠯᠠᠬᠤ ᠪᠤᠶᠤ ᠪᠤᠯᠢᠶᠠᠬᠤ᠂ ᠦᠪᠡᠷ ᠢᠶᠠᠨ ᠠᠶᠠᠨᠳᠠᠭᠠᠨ ᠨᠣᠴᠣᠬᠤ᠂ ᠬᠥᠳᠡᠯᠭᠡᠭᠦᠷ ᠮᠠᠰᠢᠨ ᠳᠤ ᠤᠰᠤ ᠤᠷᠤᠬᠤ ᠵᠡᠷᠭᠡ ᠬᠠᠷᠢᠭᠤᠴᠠᠯᠭ᠎ᠠ ᠶᠢ ᠨᠡᠮᠡᠵᠦ ᠤᠷᠤᠭᠤᠯᠤᠨ᠂ ᠲᠠᠨ ᠤ ᠬᠠᠶᠢᠷᠠᠲᠠᠢ ᠲᠡᠷᠭᠡ ᠶᠢ ᠴᠢᠨᠢ ᠨᠡᠩ ᠠᠮᠤᠷ ᠲᠦᠪᠰᠢᠨ ᠤ ᠪᠠᠲᠤᠯᠠᠭ᠎ᠠ ᠲᠠᠢ ᠪᠣᠯᠭᠠᠪᠠ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠰᠢ᠂ 90 % ᠬᠡᠷᠡᠭᠯᠡᠭᠴᠢ ᠶᠢᠨ ᠵᠢᠯ ᠳᠤ ᠲᠤᠰᠢᠶᠠᠬᠤ ᠳᠠᠭᠠᠳᠬᠠᠯ ᠤᠨ ᠰᠦᠢᠳᠭᠡᠯ ᠪᠠᠭᠤᠷᠠᠵᠤ᠂ ᠮᠠᠰᠢᠨ ᠲᠡᠷᠭᠡᠨ ᠤ ᠳᠤᠮᠳᠠᠴᠢ ᠳᠠᠭᠠᠳᠬᠠᠯ ᠤᠨ ᠰᠦᠢᠳᠭᠡᠯ 3700 ᠲᠥᠭᠦᠷᠢᠭ ᠪᠠᠶᠢᠭᠰᠠᠨ ᠠᠴᠠ ᠪᠠᠨ ᠪᠠᠭᠤᠷᠠᠭᠠᠳ 2700 ᠲᠥᠭᠦᠷᠢᠭ ᠪᠣᠯᠪᠠ᠃ ᠭᠡᠪᠡᠴᠦ ᠮᠠᠰᠢᠨ ᠲᠡᠷᠭᠡᠨ ᠤ ᠭᠤᠤᠯ ᠳᠠᠭᠠᠳᠬᠠᠯ ᠤᠨ ᠪᠥᠬᠦ ᠰᠦᠢᠳᠭᠡᠯ ᠪᠦᠷ ᠪᠠᠭᠤᠷᠠᠭᠰᠠᠨ ᠪᠢᠰᠢ ᠶᠤᠮ᠂ ᠪᠠᠰᠠ 10 % ᠤᠷᠴᠢᠮ ᠤᠨ ᠬᠡᠷᠡᠭᠯᠡᠭᠴᠢ ᠶᠢᠨ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠡᠳᠦᠢ ᠲᠡᠳᠦᠢ ᠳᠡᠭᠡᠭᠰᠢᠯᠡᠭᠰᠡᠨ ᠪᠠᠶᠢᠨ᠎ᠠ᠃ ᠰᠤᠷᠪᠤᠯᠵᠢᠯᠠᠭᠴᠢ ᠬᠢᠨᠠᠨ ᠬᠠᠮᠢᠶᠠᠷᠴᠤ ᠪᠠᠶᠢᠭ᠎ᠠ ᠬᠥᠮᠦᠰ ᠠᠴᠠ ᠠᠰᠠᠭᠤᠨ ᠯᠠᠪᠯᠠᠬᠰᠠᠨ ᠳᠤ᠂ ᠮᠠᠰᠢᠨ ᠲᠡᠷᠭᠡᠨ ᠤ ᠳᠠᠭᠠᠳᠬᠠᠯ ᠤᠨ ᠰᠦᠢᠳᠭᠡᠯ ᠨᠢ ᠲᠡᠷᠭᠡᠨ ᠤ ᠬᠡᠯᠪᠡᠷᠢ᠂ ᠲᠥᠯᠥᠪᠦᠷᠢ ᠥᠭᠭᠦᠭᠰᠡᠨ ᠲᠡᠦᠬᠡᠨ ᠲᠡᠮᠳᠡᠭᠯᠡᠯ᠂ ᠳᠠᠭᠠᠳᠬᠠᠯ ᠤᠨ ᠲᠥᠷᠥᠯ ᠵᠦᠢᠯ᠂ ᠳᠠᠭᠠᠳᠬᠠᠯ ᠤᠨ ᠵᠣᠭᠤᠰ ᠤᠨ ᠲᠤᠭ᠎ᠠ ᠵᠡᠷᠭᠡ ᠬᠦᠴᠦᠨ ᠵᠦᠢᠯ ᠢᠶᠠᠷ ᠲᠣᠭᠳᠠᠭᠠᠭᠳᠠᠨ᠎ᠠ᠃ ᠣᠯᠠᠨ ᠤᠳᠠᠭ᠎ᠠ ᠠᠶᠤᠯ ᠭᠠᠷᠤᠭᠰᠠᠨ ᠲᠥᠯᠥᠪᠦᠷᠢ ᠠᠪᠤᠬᠰᠠᠨ ᠵᠢᠴᠢ ᠰᠡᠯᠪᠢᠨ ᠵᠠᠰᠠᠬᠤ ᠥᠪᠡᠷ ᠤᠨ ᠥᠷᠲᠡᠭ ᠨᠢ ᠬᠡᠳᠦ ᠥᠨᠳᠥᠷ ᠪᠤᠯᠤᠬᠰᠠᠨ ᠮᠠᠰᠢᠨ ᠲᠡᠷᠭᠡᠨ ᠤ ᠬᠡᠷᠡᠭᠯᠡᠭᠴᠢ ᠳᠤ᠂ ᠳᠠᠭᠠᠳᠬᠠᠯ ᠤᠨ ᠰᠦᠢᠳᠭᠡᠯ ᠢ ᠨᠢ ᠵᠣᠬᠢᠬᠤ ᠬᠡᠮᠵᠢᠶ᠎ᠡ ᠪᠠᠷ ᠨᠡᠮᠡᠭᠳᠡᠬᠦᠯᠪᠡ᠂ ᠡᠨᠡ ᠨᠢ ᠳᠠᠭᠠᠳᠬᠠᠯ ᠤᠨ ᠰᠦᠢᠳᠭᠡᠯ ᠪᠣᠯᠤᠨ ᠲᠥᠯᠥᠪᠦᠷᠢ ᠥᠭᠬᠦ ᠥᠪᠡᠷ ᠤᠨ ᠥᠷᠲᠡᠭ ᠬᠠᠷᠢᠯᠴᠠᠨ ᠵᠣᠬᠢᠴᠠᠯᠳᠤᠬᠤ ᠵᠠᠷᠴᠢᠮ ᠲᠠᠢ ᠨᠡᠶᠢᠴᠡᠵᠦ ᠪᠠᠶᠢᠨ᠎ᠠ᠃ ᠵᠢᠱᠢᠶᠡᠯᠡᠪᠡᠯ᠂ ᠪᠧᠨ ᡂᠢ᠂ ᠪᠦᠦ ᠮᠠ᠂ ᠤᠣ ᠳ᠋ᠢ ᠵᠡᠷᠭᠡ ᠳᠡᠭᠡᠳᠦ ᠲᠡᠰ ᠤᠨ ᠮᠠᠰᠢᠨ ᠲᠡᠷᠭᠡ ᠠᠶᠤᠯ ᠭᠠᠷᠤᠭᠰᠠᠨ ᠤ ᠳᠠᠷᠠᠭ᠎ᠠ ᠰᠡᠯᠪᠢᠨ ᠵᠠᠰᠠᠬᠤ ᠥᠪᠡᠷ ᠤᠨ ᠥᠷᠲᠡᠭ ᠨᠢ ᠨᠡᠯᠢᠶᠡᠳ ᠥᠨᠳᠥᠷ ᠪᠠᠶᠢᠳᠠᠭ ᠪᠤᠯᠬᠤᠷ ᠬᠠᠷᠠᠭᠠᠯᠵᠠᠬᠰᠠᠨ ᠳᠠᠭᠠᠳᠬᠠᠯ ᠤᠨ ᠰᠦᠢᠳᠭᠡᠯ ᠤᠨ ᠦᠨ᠎ᠡ ᠨᠢ ᠴᠦ ᠦᠰᠬᠦ ᠶᠤᠮ ᠬᠡᠪᠡ᠃ ︽ᠣᠯᠠᠩᠬᠢ ᠦᠶ᠎ᠡ ᠳᠤ᠂ ᠳᠠᠭᠠᠳᠬᠠᠯ ᠤᠨ ᠺᠣᠮᠫᠠᠨᠢ ᠨᠢ ᠨᠠᠰᠤ ᠠᠬᠢᠭᠰᠠᠨ ᠮᠠᠰᠢᠨ ᠲᠡᠷᠭᠡᠨ ᠤ ᠡᠵᠡᠨ ᠪᠤᠶᠤ ᠵᠢᠯᠣᠭᠤᠳᠬᠤ ᠳᠠᠳᠬᠠᠯ ᠢᠶᠠᠷ ᠨᠡᠯᠢᠶᠡᠳ ᠰᠠᠶᠢᠨ ᠮᠠᠰᠢᠨ ᠲᠡᠷᠭᠡᠨ ᠤ ᠡᠵᠡᠨ ᠠᠶᠤᠯ ᠭᠠᠷᠭᠠᠬᠤ ᠨᠤᠷᠮ᠎ᠠ ᠪᠠᠷ ᠬᠠᠷᠢᠴᠠᠩᠭᠤᠶ ᠳᠣᠤᠷ᠎ᠠ ᠪᠠᠶᠢᠳᠠᠭ ᠪᠣᠯᠬᠤᠷ ᠳᠠᠭᠠᠳᠬᠠᠯ ᠤᠨ ᠰᠦᠢᠳᠭᠡᠯ ᠤᠨ ᠬᠠᠷᠠᠭᠠᠯᠵᠠᠯ ᠤᠨ ᠨᠤᠷᠮ᠎ᠠ ᠶᠢ ᠨᠢ ᠨᠡᠮᠡᠭᠳᠡᠭᠦᠯᠵᠦ ᠪᠣᠯᠤᠨ᠎ᠠ ᠬᠡᠵᠦ ᠦᠵᠡᠳᠡᠭ︾᠃ ᠨᠢᠭᠡ ᠳᠠᠭᠠᠳᠬᠠᠯ ᠤᠨ ᠠᠵᠢᠯᠲᠠᠨ ᠬᠡᠯᠡᠬᠦ ᠳᠡᠭᠡᠨ᠂ ᠮᠠᠰᠢᠨ ᠲᠡᠷᠭᠡ ᠨᠢᠭᠡᠪᠦᠷᠢ ᠶᠢᠨ ᠥᠩᠭᠡᠷᠡᠭᠰᠡᠨ ᠤ ᠠᠶᠤᠯ ᠭᠠᠷᠤᠬᠰᠠᠨ ᠪᠠᠶᠢᠳᠠᠯ ᠨᠢ ᠠᠳᠠᠯᠢ ᠦᠭᠡᠢ ᠪᠦᠭᠡᠳ ᠮᠠᠰᠢᠨ ᠲᠡᠷᠭᠡᠨ ᠤ ᠡᠵᠡᠨ ᠲᠡᠷᠭᠡ ᠵᠢᠯᠣᠭᠤᠳᠬᠤ ᠳᠠᠳᠬᠠᠯ ᠨᠢ ᠴᠦ ᠠᠳᠠᠯᠢ ᠥᠬᠡᠶ ᠪᠠᠶᠢᠳᠠᠭ᠃ ᠥᠭᠡᠷᠡᠴᠢᠯᠡᠯᠲᠡ ᠬᠢᠭᠰᠡᠨ ᠤ ᠳᠠᠷᠠᠭ᠎ᠠ ᠮᠠᠰᠢᠨ ᠲᠡᠷᠭᠡᠨ ᠤ ᠳᠠᠭᠠᠳᠬᠠᠯ ᠤᠨ ᠮᠡᠳᠡᠭᠦᠯᠦᠯᠳᠡ ᠶᠢᠨ ᠦᠨ᠎ᠡ ᠶᠢ ︽ᠨᠢᠭᠡ ᠮᠠᠰᠢᠨ ᠲᠡᠷᠭᠡ ᠳᠤ ᠨᠢᠭᠡ ᠦᠨ᠎ᠡ ᠬᠠᠨᠭ᠍ᠰᠢ ᠲᠠᠢ ︾ ᠪᠤᠯᠭᠠᠵᠠᠢ᠃ ᠴᠥᠭᠡᠨ ᠪᠤᠰᠤ ᠮᠠᠰᠢᠨ ᠲᠡᠷᠭᠡᠨ ᠤ ᠡᠵᠡᠨ ᠤ ᠰᠡᠵᠢᠭᠯᠡᠯ ᠠᠴᠠ ᠪᠤᠯᠤᠬᠰᠠᠨ ᠵᠠᠮ ᠬᠠᠷᠢᠯᠴᠠᠭᠠᠨ ᠤ ᠬᠦᠡᠭᠭᠡᠨ ᠠᠳᠡᠯ ᠳᠤ ᠲᠦᠭᠰᠢᠬᠦᠷᠢ ᠮᠡᠳᠡᠬᠦᠯᠬᠦ ᠡᠰᠡᠬᠦ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠪᠠᠰᠠ ᠠᠵᠢᠯ ᠲᠥᠷᠥᠯ ᠤᠨ ᠬᠥᠮᠦᠰ ᠠᠴᠠ ᠠᠰᠠᠭᠤᠨ ᠯᠠᠪᠯᠠᠬᠰᠠᠨ ᠳᠤ᠂ ᠬᠡᠷᠪᠡ ᠬᠤᠶᠠᠷ ᠲᠠᠯ᠎ᠠ ᠪᠠᠷ ᠢᠶᠠᠨ ᠬᠥᠮᠦᠨ ᠬᠠᠷ᠎ᠠ ᠦᠬᠦᠵᠦ ᠰᠢᠷᠬᠠᠲᠤᠭᠰᠠᠨ ᠦᠭᠡᠢ᠂ ᠲᠥᠯᠥᠪᠦᠷᠢ ᠶᠢᠨ ᠵᠣᠭᠤᠰ ᠤᠨ ᠲᠤᠭ᠎ᠠ ᠨᠢ 2000 ᠲᠥᠭᠦᠷᠢᠭ ᠤᠨ ᠳᠣᠲᠣᠷ᠎ᠠ ᠪᠠᠶᠢᠪᠠᠯ᠂ ᠡᠩ ᠤᠨ ᠪᠠᠶᠢᠳᠠᠯ ᠲᠤᠤᠷ᠎ᠠ ᠬᠤᠶᠠᠳᠤᠭᠠᠷ ᠵᠢᠯ ᠤᠨ ᠳᠠᠭᠠᠳᠬᠠᠯ ᠤᠨ ᠰᠦᠢᠳᠭᠡᠯ ᠢ ᠳᠡᠭᠡᠭᠰᠢ ᠰᠢᠯᠵᠢᠬᠦᠯᠬᠦ ᠬᠦᠴᠦᠨ ᠵᠦᠢᠯ ᠳᠤ ᠣᠷᠣᠭᠤᠯᠬᠤ ᠦᠭᠡᠢ ᠬᠡᠵᠡᠢ᠃ ᠡᠭᠦᠨ ᠠᠴᠠ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠮᠠᠰᠢᠨ ᠲᠡᠷᠭᠡᠨ ᠳᠠᠭᠠᠳᠬᠠᠯ ᠤᠨ ᠰᠦᠢᠳᠭᠡᠯ ᠤᠨ ᠨᠣᠷᠮ᠎ᠠ ᠶᠢᠨ ︽ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ︾ ᠦᠢᠯᠡᠳᠦᠯ ᠢ ᠨᠡᠩ ᠰᠠᠶᠢᠨ ᠪᠠᠳᠠᠷᠠᠭᠤᠯᠵᠦ ᠪᠠᠶᠢᠬᠤ ᠶᠢ ᠤᠯᠵᠤ ᠮᠡᠳᠡᠵᠦ ᠪᠣᠯᠤᠨ᠎ᠠ᠃ ᠮᠠᠰᠢᠨ ᠲᠡᠷᠭᠡᠨ ᠤ ᠳᠠᠭᠠᠳᠬᠠᠯ ᠤᠨ ᠮᠡᠳᠡᠭᠦᠯᠦᠯᠳᠡ ᠶᠢᠨ ᠦᠨ᠎ᠡ ᠶᠢ ︽ᠨᠢᠭᠡ ᠮᠠᠰᠢᠨ ᠲᠡᠷᠭᠡ ᠳᠤ ᠨᠢᠭᠡ ᠦᠨ᠎ᠡ ᠬᠠᠨᠭ᠍ᠰᠢ ᠲᠠᠢ︾ ᠪᠤᠯᠭᠠᠪᠠ᠂ ᠲᠠ ᠮᠠᠰᠢᠨ ᠲᠡᠷᠭᠡᠨ ᠤ ᠳᠠᠭᠠᠳᠬᠠᠯ ᠬᠤᠳᠠᠯᠳᠤᠨ ᠠᠪᠬᠤ ᠦᠶ᠎ᠡ ᠳᠤ ᠪᠠᠨ ᠢᠯᠡᠭᠦᠦ ᠬᠡᠳᠦᠨ ᠺᠣᠮᠫᠠᠨᠢ ᠠᠴᠠ ᠠᠰᠠᠭᠤᠨ ᠯᠠᠪᠯᠠᠵᠤ᠂ ᠠᠯᠢ ᠺᠣᠮᠫᠠᠨᠢ ᠨᠢ ᠥᠪᠡᠷ ᠤᠨ ᠪᠡᠶ᠎ᠡ ᠳᠤ ᠴᠢᠨᠢ ᠨᠠᠩ ᠲᠣᠬᠢᠷᠠᠬᠤ ᠶᠢ ᠪᠤᠳᠤᠵᠤ ᠦᠵᠡᠭᠡᠷᠡᠢ᠃ http://mongol.people.com.cn/15831624.html                              ᠢᠷᠡᠯᠲᠡ᠄ ᠠᠷᠠᠳ ᠤᠨ ᠮᠣᠩᠭᠤᠯ ᠰᠦᠯᠵᠢᠶ᠎ᠡ                            ᠪᠡᠯᠡᠳᠭᠡᠭᠰᠡᠨ ᠨᠢ᠄  ᠬᠠᠨ ᠰᠢᠶᠤᠤ ᠿᠦᠩ                            ᠬᠢᠨᠠᠬᠴᠢ᠄  ᠼᠦᠢ ᠶᠢᠩ
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3