| ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠾᠦᠸᠧ ᠰᠢᠶᠤᠤ ᠴᠢᠩ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ ᠳᠠᠭᠠᠳᠬᠠᠯ ᠤᠨ | ᠲᠤᠷᠰᠢᠯᠲᠠ ᠶᠢᠨ ᠲᠥᠷᠥᠯ ᠵᠦᠢᠯ ᠪᠤᠭᠤᠲᠤ ᠬᠤᠲᠠ ᠳᠤ ᠠᠵᠢᠯ ᠡᠬᠢᠯᠡᠪᠡ᠃ ᠲᠥᠷᠥᠯ ᠵᠦᠢᠯ ᠳᠤ ᠠᠵᠢᠯ ᠠᠴᠠ | ᠪᠣᠯᠤᠭᠰᠠᠨ ᠭᠡᠮᠲᠦᠯ ᠤᠨ ᠨᠥᠬᠦᠪᠥᠷᠢ ᠳᠠᠭᠠᠳᠬᠠᠯ ᠤᠨ ᠳᠦᠷᠢᠮ ᠢ ᠪᠠᠶᠢᠭᠤᠯᠬᠤ ᠪᠠᠷ ᠳᠠᠮᠵᠢᠭᠤᠯᠤᠨ ᠬᠤᠳᠠᠯᠳᠤᠭᠠᠨ ᠤ | ᠳᠠᠭᠠᠳᠬᠠᠯ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠦᠢᠯᠡᠴᠢᠯᠡᠭᠡ ᠳᠤ ᠣᠷᠣᠯᠴᠠᠭᠤᠯᠤᠨ᠂ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠤᠯᠠᠨ ᠲᠡᠰ ᠲᠠᠪᠬᠤᠷᠭᠠᠳᠤ ᠰᠢᠰᠲ᠋ᠧᠮ ᠢ ᠤᠯᠠᠮ ᠨᠢᠭᠡ | ᠠᠯᠬᠤᠮ ᠪᠠᠶᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠂ | ᠬᠥᠮᠦᠨ ᠬᠡᠷᠡᠭᠯᠡᠬᠦ ᠨᠢᠭᠡᠴᠡ ᠶᠢᠨ ᠳᠠᠷᠤᠭᠠᠰᠤ ᠶᠢ ᠬᠥᠩᠭᠡᠷᠡᠭᠦᠯᠪᠠ᠃ ᠣᠶᠢᠯᠠᠭᠠᠭᠰᠠᠨ ᠢᠶᠠᠷ᠂ 2019 ᠣᠨ ᠳᠤ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠪᠤᠭᠤᠲᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠥᠭᠡᠳ ᠴᠣᠷ ᠤᠨ ᠭᠠᠭᠴᠠ | ᠬᠤᠳᠠᠯᠳᠤᠭᠠᠨ ᠤ ᠳᠠᠭᠠᠳᠬᠠᠯ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠰᠢᠨ᠎ᠡ | ᠵᠠᠭᠪᠤᠷ ᠢ ᠥᠷᠨᠢᠭᠦᠯᠬᠦ ᠲᠤᠷᠰᠢᠯᠲᠠ ᠶᠢᠨ ᠬᠤᠲᠠ ᠪᠠᠷ ᠲᠣᠭᠲᠠᠭᠠᠪᠠ᠃ ᠪᠤᠭᠤᠲᠤ ᠬᠤᠲᠠ ᠶᠢᠨ ᠬᠢᠨ ᠲᠡᠷᠢᠭᠦᠨ ᠤ | ᠬᠤᠲᠠ ᠶᠢᠨ ᠲᠤᠷᠰᠢᠯᠭ᠎ᠠ ᠶᠢ ᠰᠤᠷᠤᠯᠴᠠᠨ ᠲᠤᠯᠢᠯᠠᠬᠤ ᠪᠠᠷ ᠳᠠᠮᠵᠢᠭᠤᠯᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ ᠪᠠᠶᠢᠭᠠᠳ ︽ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ | ᠳᠠᠭᠠᠳᠬᠠᠯ ᠤᠨ ᠲᠤᠬᠠᠢ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠪᠡ᠃ ᠪᠤᠭᠤᠲᠤ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤᠮᠳᠠᠳᠤ | ᠤᠯᠤᠰ ᠤᠨ ᠠᠷᠠᠳ ᠤᠨ ᠡᠳ᠋ ᠬᠦᠷᠦᠩᠭᠡ ᠶᠢᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ | ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠲᠠᠢ ︽ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ | ᠨᠦᠭᠦᠪᠦᠷᠢ ᠳᠠᠭᠠᠳᠬᠠᠯ ᠤᠨ ᠦᠢᠯᠡᠴᠢᠯᠡᠭᠡᠨ ᠤ ᠵᠥᠪᠯᠡᠯᠴᠡᠭᠡᠷ︾ ᠲᠣᠭᠲᠠᠵᠤ᠂ ︽ᠠᠵᠢᠯ ᠠᠴᠠ ᠪᠣᠯᠤᠭᠰᠠᠨ | ᠭᠡᠮᠲᠦᠯ ᠢ ᠤᠷᠢᠳᠴᠢᠯᠠᠨ ᠰᠡᠷᠭᠡᠶᠢᠯᠡᠬᠦ᠂ ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ᠂ ᠠᠵᠢᠯ ᠠᠴᠠ | ᠪᠣᠯᠤᠭᠰᠠᠨ ᠭᠡᠮᠲᠦᠯ ᠤᠨ ᠨᠥᠬᠦᠪᠥᠷᠢ ᠥᠭᠬᠦ︾ ᠭᠤᠷᠪᠠ ᠶᠢ ᠨᠢᠭᠡ ᠴᠤᠬᠴᠠᠵᠢᠭᠤᠯᠤᠬᠰᠠᠨ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠨᠢᠭᠡᠳᠦᠯᠲᠡᠶ ᠲᠦᠯᠦᠪᠵᠢᠭᠦᠯᠭᠦ ᠬᠠᠮᠢᠶᠠᠷᠤᠯᠲᠠ ᠳᠤ ᠣᠷᠣᠭᠤᠯᠤᠭᠰᠠᠨ ᠠᠵᠢᠯᠲᠠᠨ | ᠠᠵᠢᠯᠴᠢᠨ ᠤ ᠳᠠᠭᠠᠳᠬᠠᠯ ᠤᠨ ᠬᠤᠭᠤᠴᠠᠭᠠᠨ ᠳᠤ ᠪᠤᠶ ᠪᠣᠯᠤᠭᠰᠠᠨ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠣᠯᠭᠤᠮᠵᠢ ᠶᠢ ᠪᠤᠭᠤᠲᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠠᠭᠤᠷᠢ ᠮᠥᠩᠭᠦ ᠠᠴᠠ ᠣᠯᠭᠤᠭᠰᠠᠨ ᠰᠠᠭᠤᠷᠢᠨ ᠳᠡᠭᠡᠷ᠎ᠡ᠂ ᠠᠵᠢᠯ ᠠᠴᠠ ᠪᠣᠯᠤᠭᠰᠠᠨ ᠭᠡᠮᠲᠦᠯ ᠤᠨ ᠨᠦᠭᠦᠪᠦᠷᠢ | ᠳᠠᠭᠠᠳᠬᠠᠯ ᠢ ᠲᠠᠭᠠᠭᠠᠨ ᠬᠦᠢᠴᠡᠳᠭᠡᠵᠦ ᠪᠠᠶᠢᠭ᠎ᠠ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠠᠴᠠ | ᠠᠵᠢᠯ ᠠᠴᠠ ᠪᠤᠯᠵᠤ ᠬᠡᠮᠳᠦᠭᠰᠡᠨ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠬᠤᠭᠤᠯᠠᠨ ᠤ ᠨᠦᠬᠦᠪᠦᠷᠢ | ᠵᠠᠷᠤᠳᠠᠯ᠂ ᠠᠮᠢᠳᠤᠷᠠᠯ ᠤᠨ ᠰᠤᠪᠢᠯᠠᠯᠲᠠ ᠶᠢᠨ ᠵᠠᠷᠤᠳᠠᠯ᠂ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠵᠠᠷᠤᠳᠠᠯ᠂ | ᠵᠡᠮᠳᠡᠭ ᠤᠨ ᠨᠡᠮᠡᠭᠦᠷᠢ ᠮᠦᠡᠭᠭᠦ᠂ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠲᠡᠳᠭᠦᠮᠵᠢ ᠶᠢᠨ ᠮᠥᠩᠭᠦ ᠶᠢ ᠪᠤᠭᠤᠲᠤ | ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠨᠦᠬᠦᠪᠦᠷᠢ ᠳᠠᠭᠠᠳᠬᠠᠯ ᠤᠨ ᠬᠡᠷᠡᠭᠵᠢᠭᠦᠯᠬᠦ ᠠᠷᠭ᠎ᠠ ᠳᠤ | ᠲᠣᠭᠲᠠᠭᠠᠭᠰᠠᠨ ᠪᠠᠷᠢᠮᠵᠢᠶ᠎ᠠ ᠶᠣᠰᠣᠭᠠᠷ ᠳᠡᠭᠡᠭᠰᠢᠯᠡᠭᠦᠯᠦᠨ᠎ᠡ᠃ ᠳᠠᠭᠠᠳᠬᠠᠬᠤ ᠰᠦᠢᠳᠬᠡᠯ ᠢ ᠪᠤᠭᠤᠲᠤ ᠬᠤᠲᠠ ᠶᠢᠨ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠮᠥᠩᠭᠦ ᠪᠠᠷ | ᠵᠣᠬᠢᠬᠤ ᠬᠠᠷᠢᠴᠠᠯ ᠢᠶᠠᠷ ᠴᠤᠭᠯᠠᠭᠤᠯᠵᠤ᠂ ᠬᠥᠮᠦᠨ ᠬᠡᠷᠡᠭᠯᠡᠬᠦ ᠨᠢᠭᠡᠴᠡ ᠵᠢᠴᠢ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ᠠᠰᠲᠠᠭᠠᠨ ᠰᠦᠢᠳᠬᠡᠯ ᠲᠤᠰᠢᠶᠠᠬᠤ ᠴᠢᠬᠤᠯᠠ ᠥᠬᠡᠶ᠃ ᠡᠭᠦᠨ ᠤ ᠬᠠᠮᠲᠤ ᠬᠤᠳᠠᠯᠳᠤᠭᠠᠨ ᠤ | ᠳᠠᠭᠠᠳᠬᠠᠯ ᠤᠨ ᠪᠠᠶᠢᠭᠤᠯᠤᠮᠵᠢ ᠶᠢᠨ ᠲᠣᠤᠷ ᠴᠡᠭ ᠣᠯᠠᠨ᠂ ᠬᠠᠮᠤᠷᠬᠤ ᠬᠡᠪᠴᠢᠶ᠎ᠡ ᠥᠷᠭᠡᠨ᠂ ᠦᠢᠯᠡᠴᠢᠯᠡᠭᠡᠨ ᠤ | ᠴᠢᠳᠠᠪᠤᠷᠢ ᠴᠢᠩᠭ᠎ᠠ ᠵᠡᠷᠭᠡ ᠳᠠᠪᠠᠭᠤᠯᠢᠭ ᠢ ᠠᠰᠢᠬᠯᠠᠨ ᠠᠵᠢᠯ ᠠᠴᠠ ᠪᠤᠯᠵᠤ ᠬᠡᠮᠳᠦᠭᠰᠡᠨ ᠠᠳᠡᠯ ᠤᠨ ᠪᠠᠶᠢᠴᠠᠭᠠᠯᠲᠠ | ᠬᠢᠭᠦ᠂ ᠡᠮᠴᠢᠯᠡᠭᠡᠨ ᠤ ᠡᠷᠡᠭᠦᠯᠵᠢᠯ ᠤᠨ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠬᠤ᠂ ᠡᠮ ᠡᠮᠨᠡᠯᠭᠡ ᠶᠢᠨ | ᠵᠠᠷᠤᠳᠠᠯ ᠤᠨ ᠫᠢᠶᠣᠣ ᠪᠠᠷᠢᠮᠲᠠ ᠶᠢ ᠬᠢᠨᠠᠨ ᠬᠠᠷᠭᠤᠭᠤᠯᠬᠤ ᠵᠡᠷᠭᠡ ᠠᠵᠢᠯ ᠢ ᠬᠢᠬᠦ ᠶᠢᠨ ᠬᠠᠮᠲᠤ ᠲᠣᠭᠲᠠᠮᠠᠯ | ᠬᠤᠭᠤᠴᠠᠭ᠎ᠠ ᠲᠠᠢ ᠪᠠᠷ ᠣᠯᠭᠤᠮᠵᠢ ᠠᠪᠴᠤ ᠪᠠᠶᠢᠭ᠎ᠠ ᠬᠥᠮᠦᠰ ᠲᠤ ᠬᠡᠷ ᠲᠤᠨᠢ ᠬᠦᠷᠴᠦ ᠣᠷᠣᠰᠢᠨ ᠠᠮᠢᠳᠤᠷᠠᠬᠤ | ᠭᠡᠷᠡᠴᠢᠯᠡᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯᠴᠢᠨ ᠤ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠬᠥᠮᠦᠨ ᠬᠡᠷᠡᠭᠯᠡᠬᠦ ᠨᠢᠭᠡᠴᠡ ᠶᠢᠨ ᠠᠵᠢᠯᠴᠢᠨ ᠬᠡᠷᠡᠭᠯᠡᠭᠦ | ᠲᠦᠭᠰᠢᠭᠦᠷᠢ ᠶᠢ ᠦᠡᠳᠦᠰᠦᠨ ᠠᠴᠠ ᠨᠢ ᠪᠠᠭᠤᠷᠠᠭᠤᠯᠪᠠ᠃ | http://mongol.people.com.cn/15831968.html | | ᠪᠡᠯᠡᠳᠭᠡᠭᠰᠡᠨ ᠨᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | ᠢᠷᠡᠯᠲᠡ᠄ ᠠᠷᠠᠳ ᠤᠨ ᠮᠣᠩᠭᠤᠯ ᠰᠦᠯᠵᠢᠶ᠎ᠡ |