ᠵᠢᠤᠢ ᠪᠦᠦ ᠵᠤᠸᠠᠩ ᠪᠠᠯᠭᠠᠰᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2020-03-13
      ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠮᠠᠨ ᠤ ᠪᠠᠯᠭᠠᠰᠤ ᠬᠠᠷᠢᠶᠠᠲᠤ ᠣᠷᠣᠨ ᠤ ᠳᠣᠲᠣᠷᠠᠬᠢ 4 ᠬᠠᠪᠰᠤᠷᠠᠯᠴᠠᠬᠤ ᠵᠣᠯ ᠵᠢᠷᠭᠠᠯ ᠤᠨ ᠬᠦᠷᠢᠶᠡᠯᠡᠩ ᠢ ᠪᠦᠬᠦᠨ ᠢ ᠪᠢᠲᠡᠭᠦᠮᠵᠢᠯᠡᠨ ᠬᠠᠮᠢᠶᠠᠷᠴᠤ᠂ ᠭᠠᠳᠠᠨ᠎ᠠ ᠠᠴᠠ ᠢᠷᠡᠭᠰᠡᠨ ᠬᠦᠮᠦᠰ ᠤᠨ ᠡᠮᠨᠡᠯᠭᠡ ᠳᠤ ᠣᠷᠣᠬᠤ ᠪᠠ ᠡᠮᠨᠡᠯᠭᠡ ᠶᠢᠨ ᠬᠤᠷᠢᠶᠠᠨ ᠤ ᠠᠷᠠᠳ ᠭᠠᠳᠠᠭᠰᠢ ᠭᠠᠷᠬᠤ ᠶᠢ ᠬᠢᠵᠠᠭᠠᠷᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠨᠡᠯᠭᠡ ᠶᠢᠨ ᠬᠤᠷᠢᠶᠠᠨ ᠤ ᠳᠣᠲᠣᠷᠠᠬᠢ ᠬᠠᠮᠢᠶᠠᠷᠤᠨ ᠡᠵᠡᠮᠳᠡᠬᠦ ᠡᠯ ᠵᠦᠢᠯ ᠤᠨ ᠠᠵᠢᠯ ᠢ ᠰᠠᠶᠢᠲᠤᠷ ᠬᠢᠪᠠ᠃     ᠪᠠᠯᠭᠠᠰᠤᠨ ᠤ ᠠᠷᠠᠳ ᠤᠨ ᠶᠠᠪᠤᠳᠠᠯ ᠤᠨ ᠭᠠᠵᠠᠷ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠵᠦ᠂ ᠬᠦᠷᠢᠶᠡᠨ  ᠳᠠᠬᠢ ᠭᠠᠳᠠᠨ᠎ᠠ ᠠᠴᠠ ᠢᠷᠡᠭᠰᠡᠨ ᠬᠥᠮᠦᠰ ᠢ ᠦᠨᠡᠨ ᠨᠡᠷ᠎ᠡ ᠪᠠᠷ ᠨᠢ ᠳᠠᠩᠰᠠᠯᠠᠵᠤ᠂ ᠬᠤᠪᠸᠢ᠂ ᠦᠬᠠᠨ ᠵᠡᠷᠭᠡ ᠬᠢᠵᠢᠭ ᠤᠨ ᠪᠠᠶᠢᠳᠠᠯ ᠲᠠᠢ ᠣᠶᠢᠷᠠᠲᠤᠭᠰᠠᠨ ᠦᠩᠭᠡᠷᠡᠯᠳᠡ‌‍ᠲ᠋ᠠᠢ ᠬᠥᠮᠦᠰ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠂ ᠲᠠᠩᠰᠠᠯᠠᠬᠤ ᠪᠠ ᠡᠳᠦᠷ ᠤᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠪᠠ᠃ ᠠᠵᠢᠯᠲᠠᠨ ᠨᠠᠷ ᠡᠷᠦᠬᠡ ᠳᠤ ᠣᠷᠣᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠥᠷᠨᠢᠭᠦᠯᠵᠦ᠂ ᠬᠦᠷᠢᠶᠡᠨ ᠲᠤᠳᠤᠷᠠᠬᠢ ᠠᠷᠠᠳ ᠢ ᠰᠢᠮᠳᠠᠭᠤᠯᠵᠤ ᠪᠠᠶᠢᠭᠠᠳ ᠥᠪᠡᠷ ᠤᠨ ᠭᠡᠷ ᠤᠨ ᠡᠷᠡᠭᠦᠯ ᠬᠠᠮᠠᠭᠠᠯᠠᠯ ᠢ ᠡᠷᠬᠢᠮᠯᠡᠵᠦ᠂ ᠠᠶᠢᠯ ᠡᠷᠦᠬᠡ ᠪᠠᠷ ᠲᠣᠭᠤᠷᠢᠬᠤ ᠦᠭᠡᠶ᠂ ᠵᠣᠭᠤᠰ ᠨᠠᠭᠠᠳᠬᠤ ᠦᠭᠡᠶ᠂ ᠣᠪᠣᠭᠠᠷᠠᠨ ᠵᠣᠭᠤᠭᠳᠠᠬᠤ ᠦᠭᠡᠶ ᠪᠠᠶᠢᠬᠤ ᠶᠢ ᠪᠡᠶᠡᠯᠡᠭᠦᠯᠵᠦ᠂ ︽ᠪᠠᠶᠠᠷᠳᠤ ᠶᠠᠪᠤᠳᠠᠯ︾ ᠢ ᠵᠣᠭᠰᠣᠭᠠᠬᠤ᠂ ︽ᠪᠡᠯᠪᠡᠰᠤᠷᠡᠯ ᠤᠨ ᠶᠠᠪᠤᠳᠠᠯ︾ ᠢ ᠳᠥᠭᠦᠮᠴᠢᠯᠡᠨ᠂ ᠬᠥᠮᠦᠰ ᠬᠤᠷᠠᠵᠤ ᠴᠤᠭᠯᠠᠷᠠᠬᠤ ᠠᠴᠠ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠨ᠂ ᠬᠦᠷᠢᠶᠡᠨ ᠳᠠᠬᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠢ ᠨᠡᠮᠡᠭᠳᠡᠭᠦᠯᠬᠦ ᠶᠢᠨ ᠬᠠᠮᠲᠤ᠂ ᠵᠣᠬᠢᠶᠠᠨ ᠪᠠᠶᠢᠭᠤᠯᠵᠤ ᠡᠳᠦᠷ ᠪᠦᠷᠢ ᠲᠤᠬᠠᠢ ᠶᠢᠨ ᠭᠠᠵᠠᠷ ᠢ ᠠᠷᠢᠭᠤᠳᠬᠠᠵᠤ᠂ ᠪᠡᠶ᠎ᠡ ᠶᠢᠨ ᠳᠤᠯᠠᠭᠠᠨ ᠢ ᠬᠡᠮᠵᠢᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠠᠷᠠᠳ ᠲᠤ ᠢᠳᠡᠭᠡᠨ ᠬᠤᠳᠠᠯᠳᠤᠨ ᠠᠪᠴᠤ᠂ ᠠᠮᠢᠳᠤᠷᠠᠯ ᠤᠨ ᠬᠡᠷᠡᠭᠴᠡᠭᠡ ᠶᠢ  ᠰᠢᠢᠳᠪᠦᠷᠢᠯᠡᠨ᠎ᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠬᠦᠷᠢᠶᠡᠯᠡᠩ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠪᠠ᠃                               ᠤᠷᠴᠢᠭᠤᠯᠤᠬᠴᠢ᠄  ᠼᠦᠢ  ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3