ᠸᠠᠩ ᠵᠧᠨ ᠬᠠᠶ ᠱᠦᠵᠢ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷᠴᠤᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020-03-13
      3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠺᠠᠳ᠋ᠷ ᠢ ᠪᠣᠯᠭᠤᠭᠠᠨ ᠲᠣᠬᠤᠨᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠨ ᠪᠢᠨ ᠪᠠᠷ᠎ᠠ ᠪᠣᠯᠵᠤ ᠲᠣᠬᠤᠨᠢᠭᠤᠯᠪᠠ᠃
      ᠯᠢᠦ ᡁᠢ ᠴᠢᠶᠠᠩ᠂ ᠵᠠᠩ ᠯᠢᠨ ᠶᠤᠸᠠᠨ᠂ ᠪᠠᠶ ᠭᠤᠸᠠᠩ ᠰᠢᠩ᠂ ᠱᠠᠩ ᠸᠧᠨ ᠵᠡᠷᠭᠡ ᠠᠬᠠᠮᠠᠳ ᠨᠦᠬᠦᠷ ᠤᠨ ᠭᠡᠷ ᠲᠤ᠂ ᠸᠠᠩ ᠵᠧᠨ ᠬᠠᠶ ᠲᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ᠂ ᠠᠮᠢᠳᠤᠷᠠᠯ ᠤᠨ ᠪᠠᠶᠢᠳᠠᠯ ᠵᠡᠷᠭᠡ ᠶᠢ ᠬᠠᠯᠠᠮᠵᠢᠯᠠᠨ ᠠᠰᠠᠭᠤᠵᠤ᠂ ᠠᠬᠠᠮᠠᠳ ᠨᠥᠬᠦᠳ ᠤᠨ ᠪᠡᠶ᠎ᠡ ᠪᠠᠨ ᠢᠯᠡᠭᠦᠬᠡᠨ ᠭᠠᠮᠨᠠᠵᠦ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ︔ ᠠᠬᠠᠮᠠᠳ ᠺᠠᠳ᠋ᠷ ᠨᠠᠷ ᠪᠤᠯ ᠨᠠᠮ ᠪᠠ ᠤᠯᠤᠰ ᠣᠷᠣᠨ ᠤ ᠡᠷᠬᠢᠮ ᠨᠠᠨᠳᠢᠨ ᠡᠳ᠋ ᠪᠠᠶᠠᠯᠢᠭ ᠮᠥᠨ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠨ᠂ ᠤᠶᠤᠨ ᠰᠠᠨᠠᠭᠠᠨ ᠤ ᠲᠠᠯ ᠎ᠠ ᠪᠠᠷ ᠬᠠᠯᠠᠮᠵᠢᠯᠠᠵᠤ᠂ ᠠᠬᠠᠮᠠᠳ ᠺᠠᠳ᠋ᠷᠴᠤᠳ ᠤᠨ ᠠᠵᠢᠯ ᠢ ᠰᠢᠨ᠎ᠡ ᠬᠡᠮᠵᠢᠶᠡᠨ ᠳᠤ   ᠬᠦᠷᠳᠡᠯ᠎ᠡ ᠴᠢᠷᠮᠠᠶᠢᠨ ᠲᠡᠭᠡᠭᠰᠢᠯᠡᠬᠦᠯᠬᠦ ᠬᠡᠷᠡᠭᠲᠡᠶ︔ ᠠᠬᠠᠮᠠᠳ ᠺᠠᠳ᠋ᠷᠴᠤᠳ ᠤᠨ ᠰᠠᠨᠠᠯ ᠢ ᠰᠠᠨᠠᠭᠠᠴᠢᠯᠠᠭ᠎ᠠ ᠠᠴᠠ ᠪᠠᠨ ᠰᠣᠨᠣᠰᠤᠨ ᠬᠤᠷᠢᠶᠠᠵᠤ᠂ ᠲᠡᠳᠡᠨ ᠤ ᠢᠳᠡᠪᠬᠢ ᠬᠦᠴᠦᠨ ᠪᠠ ᠠᠬᠢᠭᠤᠯᠬᠤ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠠᠬᠢᠨ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃
     ᠠᠬᠠᠮᠠᠳ ᠺᠠᠳ᠋ᠷᠴᠤᠳ ᠸᠠᠩ ᠵᠧᠨ ᠬᠠᠢ ᠮᠠᠨ ᠤ ᠬᠤᠲᠠ ᠳᠤ ᠢᠷᠡᠵᠦ ᠠᠵᠢᠯᠯᠠᠮᠠᠭᠴᠠ ᠲᠤᠰᠬᠠᠶᠢᠯᠠᠨ ᠲᠠᠳᠠᠨᠤᠰ ᠢ ᠡᠷᠭᠢᠵᠦ ᠦᠵᠡᠭᠰᠡᠨ ᠳᠤ ᠮᠠᠰᠢ ᠲᠠᠯᠠᠷᠬᠠᠵᠤ ᠪᠠᠶᠢᠬᠤ ᠪᠠ ᠪᠠᠰᠠ ᠸᠠᠩ ᠵᠧᠨ ᠬᠠᠢ ᠨᠥᠬᠦᠷ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠭᠠᠭᠤᠯᠤᠨ ᠵᠠᠮ ᠨᠡᠭᠡᠭᠡᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠬᠤ ᠪᠠᠨ ᠢᠯᠡᠳᠭᠡᠪᠡ᠃                                                    ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3