ᠬᠠᠯᠠᠭᠤᠨ ᠰᠡᠳᠬᠢᠯᠲᠦ ᠬᠥᠮᠦᠰ ᠬᠤᠳᠠ ᠶᠢᠨ ᠬᠤᠶᠢᠳᠤ ᠲᠣᠭᠤᠷᠢᠭ ᠤᠨ ᠲᠤ ᠳᠠᠩ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠬᠦ ᠴᠡᠭ ᠲᠤ ᠵᠣᠭᠤᠰ ᠬᠠᠨᠳᠢᠪᠯᠠᠪᠠ
ᠨᠡᠶᠢᠲᠡᠯᠡᠭᠰᠡᠨ ᠴᠠᠭ᠄
2020-03-02
      2020 ᠣᠨ ᠤ 2 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠨᠢᠬᠡᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠬᠤᠳᠠ ᠶᠢᠨ ᠬᠤᠶᠢᠳᠤ ᠲᠣᠭᠤᠷᠢᠭ ᠤᠨ ᠲᠤ ᠳᠠᠩ ᠨᠡᠶᠢᠭᠡᠮ ᠲᠤᠭᠤᠷᠢᠭ ᠤᠨ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠬᠦ ᠴᠡᠭ ᠳᠡᠭᠡᠷ᠎ᠡ ᠬᠦᠷᠦᠨ ᠢᠷᠡᠵᠦ 1000 ᠲᠥᠭᠦᠷᠢᠭ ᠬᠠᠨᠳᠢᠪᠯᠠᠪᠠ᠃        ᠡᠨᠡ ᠬᠠᠯᠠᠭᠤᠨ ᠰᠡᠳᠬᠢᠯᠲᠦ ᠬᠥᠮᠦᠨ ᠪᠣᠯ ᠳᠠᠷᠤᠢ ᠴᠢᠯᠥᠭᠡᠲᠦ ᠠᠵᠢᠯ ᠲᠠᠢ᠂ ᠶᠧᠪᠡᠩ ᠬᠢᠬᠦ ᠰᠠᠶᠢᠨ ᠭᠠᠷ᠂ ᠤᠷᠠᠨ ᠳᠠᠷᠬᠠᠨ᠂ ᠬᠠᠯᠠᠭᠤᠨ ᠰᠡᠳᠬᠢᠯ ᠲᠠᠢ ᠲᠤ ᠲᠠᠩ ᠨᠡᠶᠢᠭᠡᠮ ᠲᠣᠭᠤᠷᠢᠭ ᠤᠨ ᠰᠠᠨ ᠳ᠋ᠤᠤ ᠭᠤᠳᠤᠮᠵᠢ ᠶᠢᠨ ᠰᠠᠭᠤᠭᠠᠯᠢ ᠠᠷᠠᠳ ᠭᠤᠤ ᠬᠤᠩ ᠰᠢ ᠪᠤᠯᠤᠨ᠎ᠠ᠃ ᠲᠡᠭᠦᠨ ᠠᠴᠠ ᠶᠠᠭᠤᠨ ᠳᠤ ᠵᠣᠭᠤᠰ ᠬᠠᠨᠳᠢᠪᠯᠠᠬᠤ ᠭᠡᠵᠦ ᠪᠠᠶᠢᠬᠤ ᠶᠢ ᠠᠰᠠᠭᠤᠬᠤ ᠳᠤ᠂ ᠠᠵᠢᠯᠲᠠᠨ ᠨᠠᠷ ᠤᠨ ᠣᠯᠠᠨ ᠲᠦᠮᠡᠨ ᠤ ᠡᠷᠡᠭᠦᠯ ᠮᠡᠨᠳᠦ ᠶᠢᠨ ᠲᠥᠯᠥᠭᠡ᠂ ᠬᠠᠬᠢᠷ ᠬᠦᠢᠲᠡᠨ ᠠᠴᠠ ᠠᠶᠤᠬᠤ ᠦᠭᠡᠢ᠂ ᠡᠳᠦᠷ ᠰᠥᠨᠢ ᠦᠭᠡᠢ ᠬᠢᠵᠢᠭ ᠤᠨ ᠪᠠᠶᠢᠳᠠᠯ ᠢ ᠰᠢᠯᠭᠠᠨ ᠪᠠᠶᠢᠴᠠᠭᠠᠬᠤ ᠴᠡᠭ ᠳᠡᠭᠡᠷ᠎ᠡ ᠰᠠᠬᠢᠵᠤ ᠪᠠᠶᠢᠬᠤ ᠶᠢ ᠦᠵᠡᠭᠡᠳ ᠥᠪᠡᠷ ᠢᠶᠠᠨ ᠪᠠᠰᠠ ᠨᠢᠭᠡ ᠬᠤᠪᠢ ᠬᠦᠴᠦ ᠭᠠᠷᠭᠠᠬᠤ ᠬᠡᠵᠦ ᠪᠤᠳᠤᠬᠰᠠᠨ  ᠳᠠᠭᠠᠨ ᠭᠡᠪᠡ᠃ ᠡᠭᠡᠯ ᠪᠣᠷᠣᠭᠵᠢᠭᠤᠨ ᠦᠭᠡᠨ ᠳᠤ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠳᠡᠪᠬᠢᠵᠢᠯ ᠪᠠ ᠡᠷᠡᠰ ᠵᠣᠷᠢᠭ ᠠᠬᠤᠭᠤᠯᠤᠭᠳᠠᠵᠤ᠂ ᠪᠢᠳᠠᠨ ᠤ ᠪᠦᠯᠬᠦᠮᠳᠡᠨ ᠨᠢᠭᠲᠠᠷᠠᠵᠤ ᠬᠠᠮᠲᠤ ᠪᠠᠷ ᠬᠢᠵᠢᠭ ᠤᠨ ᠪᠠᠶᠢᠳᠠᠯ ᠢ ᠢᠯᠠᠨ ᠳᠠᠪᠠᠵᠤ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠲᠣᠮᠣ ᠭᠡᠷ ᠪᠦᠯᠢ ᠶᠢ ᠴᠤᠬᠴᠠᠯᠠᠬᠤ ᠵᠤᠷᠢᠭ ᠢ ᠬᠦᠪᠴᠢᠯᠡᠪᠡ᠃                      ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3