ᠸᠠᠩ ᡁᠢ ᠶᠦᠩ ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-02
     2 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠤᠩᠭᠡᠢ ᠵᠢᠯᠣᠭᠤᠳᠣᠭᠴᠢ ᠵᠢᠴᠢ ᠬᠡᠰᠡᠭ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
     ᠬᠤᠷᠠᠯ ᠠᠴᠠ ︽ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠭᠡᠨ ᠦᠵᠡᠭᠦᠯᠬᠦ ᠡᠪᠡᠳᠴᠢᠳᠡᠨ ᠢ ᠡᠮᠨᠡᠯᠭᠡ ᠠᠴᠠ ᠭᠠᠷᠤᠬᠰᠠᠨ ᠤ ᠳᠠᠷᠠᠭᠠᠬᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︽ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠲᠤᠰᠠᠭᠠᠷᠯᠠᠨ ᠠᠵᠢᠭᠯᠠᠬᠤ ᠬᠤᠭᠤᠴᠠᠭ᠎ᠠ ᠨᠢ ᠲᠠᠭᠤᠰᠤᠭᠰᠠᠨ ᠬᠥᠮᠦᠰ ᠤᠨ ᠲᠤᠰᠠᠭᠠᠷᠯᠠᠬᠤ ᠠᠵᠢᠯ  ᠤᠨ ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠲᠤᠰᠬᠠᠶ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠰᠣᠨᠣᠰᠪᠠ᠃ ᠬᠤᠷᠠᠯ ᠠᠴᠠ᠂ ᠡᠯ᠎ᠡ ᠳᠤᠭᠤᠶᠢᠯᠠᠩ᠂ ᠡᠯ᠎ᠡ ᠰᠠᠯᠠᠭ᠎ᠠ ᠮᠥᠴᠢᠷ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠪᠠ ᠵᠠᠪᠰᠠᠷ ᠦᠭᠡᠢ ᠵᠣᠯᠭᠠᠭᠤᠯᠬᠤ ᠶᠢ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ︔ ᠦᠯᠡᠳᠡᠭᠡᠨ ᠠᠵᠢᠭᠯᠠᠬᠤ ᠶᠠᠪᠤᠴᠠ ᠶᠢ ᠬᠦᠴᠦᠨ ᠥᠬᠡᠶ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠯᠡᠳᠡᠭᠡᠨ ᠠᠵᠢᠬᠯᠠᠬᠤ ᠶᠢ ᠬᠦᠴᠦᠨ ᠥᠬᠡᠶ ᠪᠣᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ᠡᠯ᠎ᠡ ᠱᠠᠲᠤᠨ ᠤ ᠡᠯ᠎ᠡ ᠲᠥᠷᠥᠯ ᠤᠨ ᠴᠤᠭᠯᠠᠭᠤᠯᠤᠭᠰᠠᠨ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠬᠠᠤᠯᠢ ᠲᠤᠬᠳᠠᠭᠠᠯ ᠶᠣᠰᠣᠭᠠᠷ ᠬᠠᠳᠠᠭᠠᠯᠠᠨ᠎ᠠ︔ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠶᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠬᠡ ᠠᠯᠬᠤᠮ ᠪᠣᠳᠠᠲᠠᠶ ᠪᠥᠭᠡᠳ ᠨᠠᠷᠢᠯᠢᠭ ᠬᠢᠵᠦ᠂ ᠬᠢᠵᠢᠭ ᠤᠨ ᠪᠠᠶᠢᠳᠠᠯ ᠤᠨ ︽ᠪᠠᠯᠠᠶ ᠴᠡᠭ︾ ᠢ ︽ᠭᠡᠷᠡᠯᠲᠦᠭᠦᠯᠬᠦ︾ ᠠᠵᠢᠯ ᠢ ᠡᠷᠡᠰ ᠪᠠᠲᠤ ᠬᠢᠵᠦ᠂ ᠬᠢᠵᠢᠭ ᠤᠨ ᠮᠠᠨ ᠤ ᠬᠤᠲᠠ ᠳᠤ ᠣᠷᠣᠵᠤ ᠢᠷᠡᠬᠦ ᠶᠢ ᠰᠡᠷᠭᠡᠶᠢᠯᠡᠨ᠎ᠡ᠃
     ᠸᠠᠩ ᠬᠤᠲᠠ ᠶᠢᠨ ᠳᠠᠷᠤᠭ᠎ᠠ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠬᠠᠮᠤᠭ ᠤᠨ ᠬᠦᠴᠦᠲᠡᠶ ᠵᠠᠩᠭᠢᠯᠠᠭ᠎ᠠ ᠶᠢᠨ ᠱᠠᠲᠤᠨ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠬᠢᠵᠦ᠂ ᠮᠢᠨᠴᠦᠭᠦᠷᠡᠬᠦ ᠦᠵᠡᠯ ᠰᠠᠨᠠᠭ᠎ᠠ ᠪᠠ ᠰᠤᠯᠠᠷᠠᠬᠤ ᠰᠡᠳᠬᠢᠴᠡ ᠶᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠂ ᠡᠮ ᠡᠮᠨᠡᠯᠭᠡ ᠵᠡᠷᠭᠡ ᠡᠳ᠋ ᠪᠣᠳᠠᠰ ᠤᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠪᠠᠷ ᠪᠠᠷᠠᠬᠤ ᠥᠬᠡᠶ ᠪᠠᠰᠠ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽13 · 5︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠬᠤ ᠬᠡᠷᠡᠭᠲᠡᠶ᠃                                ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3