ᠹᠧᠩᠵᠧᠨ ᠬᠤᠲᠠ᠄ ᠬᠠᠶᠢᠷ᠎ᠠ ᠬᠠᠯᠠᠮᠵᠢ ᠪᠠᠨ ᠦᠷᠭᠦᠯᠵᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-03-02
    ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠰᠢ᠂ ᠹᠧᠩᠵᠧᠨ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠬᠤᠶᠢᠨ᠎ᠠ ᠬᠤᠶᠢᠨ᠎ᠠ ᠠᠴᠠ ᠪᠠᠨ ᠲᠤᠰᠠᠯᠠᠮᠵᠢ ᠬᠦᠷᠳᠡᠭᠡᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠪᠠ᠃ ᠣᠲᠣ ᠪᠣᠯᠲᠠᠯ᠎ᠠ᠂ ᠵᠢᠶ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠹᠧᠩᠵᠧᠨ ᠬᠤᠲᠠ ᠶᠢᠨ ᠰᠢᠨ ᠲᠠᠢ ᠠᠵᠤ ᠦᠢᠯᠡᠰ ᠤᠨ ᠪᠦᠯᠦᠭᠯᠡᠯ ᠺᠣᠮᠫᠠᠨᠢ᠂ ᠹᠧᠩᠵᠧᠨ ᠬᠤᠲᠠ ᠶᠢᠨ ᠬᠥᠳᠡᠭᠡ ᠲᠣᠰᠬᠤᠨ ᠤ ᠢᠳᠡᠭᠡᠮᠵᠢᠳᠤ  ᠬᠤᠯᠪᠤᠭᠠᠳᠤ ᠬᠤᠷᠰᠢᠶ᠎ᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠹᠧᠩᠵᠧᠨ ᠬᠤᠲᠠ ᠶᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠂ ᠹᠧᠩᠵᠧᠨ ᠬᠤᠲᠠ ᠶᠢᠨ ᠳ᠋ᠠ ᠬᠤᠩ ᠮᠧᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 38 ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠣᠭᠤᠰ ᠬᠠᠨᠳᠢᠪᠯᠠᠵᠤ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠲᠤᠰᠠᠯᠠᠪᠠ︔ ᠷᠧᠨ ᠹᠠᠨ ᠶᠦᠨ᠂ ᠴᠧᠨ ᠶᠠᠨ ᠹᠠᠩ᠂ ᠵᠢᠶ ᠬᠠᠶ ᠯᠦᠩ᠂ ᠸᠠᠩ ᠬᠠᠶ ᠵᠥᠩ᠂ ᠴᠧᠩ ᠯᠸᠤ᠂ ᠬᠤ ᠴᠢᠩ ᠵᠢᠤᠢ ᠵᠡᠷᠭᠡ ᠺᠠᠳ᠋ᠷ ᠣᠯᠠᠨ ᠲᠦᠮᠡᠨ ᠬᠤᠪᠢ ᠬᠥᠮᠦᠨ ᠤ ᠨᠡᠷ᠎ᠡ ᠪᠠᠷ ᠵᠤᠭᠤᠰ ᠬᠠᠨᠳᠢᠪᠯᠠᠪᠠ᠃
     ᠠᠷᠢᠭᠤᠳᠬᠠᠬᠤ ᠰᠢᠩᠭᠡᠨ᠂ ᠡᠮᠨᠡᠯᠭᠡ ᠳᠤ ᠬᠡᠷᠡᠭᠯᠡᠬᠦ ᠠᠮᠠᠪᠴᠢ ᠁ ᠡᠲᠡᠭᠡᠷ ᠡᠮ ᠡᠮᠨᠡᠯᠭᠡ ᠶᠢᠨ ᠡᠳ᠋ ᠪᠣᠳᠠᠰ ᠲᠤᠳᠠᠬᠳᠠᠵᠦ ᠪᠠᠶᠢᠭ᠎ᠠ ᠪᠠᠶᠢᠳᠠᠯ ᠳᠣᠤᠷ᠎ᠠ᠂ ᠪᠠᠰᠠ ᠮᠠᠰᠢ ᠣᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠨᠢ ᠲᠣᠰ ᠪᠡᠶ᠎ᠡ ᠶᠢᠨ ᠡᠬᠢ ᠪᠠᠶᠠᠯᠢᠭ ᠤᠨ ᠠᠷᠭ᠎ᠠ ᠵᠠᠮ ᠢᠶᠠᠷ ᠢᠶᠠᠨ ᠹᠧᠩᠵᠧᠨ ᠬᠤᠲᠠ ᠶᠢᠨ ᠨᠢᠭᠡᠳᠦᠭᠡᠷ ᠹᠷᠣᠨᠲ ᠤᠨ ᠬᠥᠮᠦᠰ ᠲᠤ ᠡᠮ ᠡᠮᠨᠡᠯᠭᠡ ᠶᠢᠨ ᠡᠳ᠋ ᠪᠣᠳᠠᠰ ᠪᠡᠯᠡᠭᠯᠡᠨ ᠬᠦᠷᠭᠡᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠮᠵᠢᠵᠦ ᠪᠠᠶᠢᠨ᠎ᠠ᠃ ᠣᠳᠣᠬᠠᠨ ᠳᠤ᠂ ᠢ ᠺᠠᠩ ᠯᠢ ᠽᠧ ︵ᠪᠡᠭᠡᠵᠢᠩ︶ ᠬᠢᠵᠠᠭᠠᠷᠲᠤ ᠺᠣᠮᠫᠠᠨᠢ᠂ ᠹᠧᠩᠵᠧᠨ ᠬᠤᠲᠠ ᠶᠢᠨ ᠵᠢᠶᠠ ᠰᠢᠩ ᠠᠳᠠᠯ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠦᠶ ᠵᠧᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠹᠧᠩᠵᠧᠨ ᠬᠤᠲᠠ ᠶᠢᠨ ᠬᠤᠢ ᠹᠧᠩ ᠲᠠᠩ ᠬᠤᠯᠪᠤᠭᠠᠳᠤ ᠡᠮ ᠡᠮᠨᠡᠯᠭᠡ ᠶᠢᠨ ᠺᠣᠮᠫᠠᠨᠢ᠂ ᠹᠧᠩᠵᠧᠨ ᠬᠤᠲᠠ ᠶᠢᠨ ᠰᠢᠨ ᠴᠤᠤ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ᠂ ᠹᠧᠩᠵᠧᠨ ᠬᠤᠲᠠ ᠶᠢᠨ ᠶᠧᠪᠡᠩ ᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠠᠵᠤ ᠠᠬᠤᠶᠢᠯᠠᠯ᠂  ᠪᠠᠶᠢᠭᠤᠯᠭ᠎ᠠ ᠰᠫᠢᠷᠲ᠂ ᠠᠷᠢᠭᠤᠳᠬᠠᠬᠤ ᠰᠢᠩᠭᠡᠨ᠂ ᠠᠷᠢᠭᠤᠳᠬᠠᠬᠤ ᠢᠯᠲᠠᠰᠤ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠲᠣᠭᠤᠰᠣ ᠰᠡᠷᠭᠡᠶᠢᠯᠡᠬᠦ ᠪᠠᠭ᠂ ᠪᠡᠶ᠎ᠡ ᠶᠢᠨ ᠳᠤᠯᠠᠭᠠᠨ ᠤ ᠡᠯᠧᠺᠲᠷᠣᠨ ᠬᠡᠮᠵᠢᠭᠦᠷ᠂ ᠪᠡᠶ᠎ᠡ ᠶᠢᠨ ᠳᠤᠯᠠᠭᠠᠨ ᠪᠠ ᠮᠩᠨᠠᠢ ᠶᠢᠨ ᠬᠠᠯᠠᠭᠤᠨ ᠢ ᠬᠡᠮᠵᠢᠬᠦ ᠫᠤᠤ ᠵᠡᠷᠭᠡ ᠡᠮᠴᠢᠯᠡᠭᠡᠨ ᠤ ᠡᠳ᠋ ᠪᠣᠳᠠᠰ ᠢ ᠬᠠᠨᠳᠢᠪᠯᠠᠪᠠ᠃
     ᠡᠨᠡ ᠤᠳᠠᠭᠠᠨ ᠤ ᠡᠨᠡᠬᠦ ᠭᠡᠨᠡᠳᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠢᠳᠠᠯ ᠤᠨ ᠡᠮᠦᠨ᠎ᠡ᠂ ᠹᠧᠩᠵᠧᠨ ᠬᠤᠲᠠ ᠶᠢᠨ ᠯᠢᠦᠶ ᠺᠠᠩ ᠶᠤᠸᠠᠨ ᠺᠣᠮᠫᠠᠨᠢ᠂ ᠵᠦᠩ ᠲᠠᠢ ᠲᠠᠷᠢᠶᠠᠯᠠᠩ ᠤᠨ ᠵᠢᠭᠤᠯᠴᠢᠯᠠᠯ ᠤᠨ ᠺᠣᠮᠫᠠᠨᠢ᠂ ᠮᠧᠩ ᠨᠢᠦ ᠶᠢᠨ ᠹᠧᠩᠵᠧᠨ ᠬᠤᠲᠠ ᠳᠠᠬᠢ ᠶᠡᠷᠦᠩᠬᠡᠶ ᠤᠷᠤᠭᠯᠠᠨ ᠬᠦᠢᠴᠡᠳᠭᠡᠭᠴᠢ᠂ ᠶᠢᠨ ᠯᠦᠩ ᠹᠧᠩ ᠪᠤᠯᠠᠭ ᠤᠨ ᠤᠰᠤᠨ ᠤ ᠦᠢᠯᠡᠰ ᠤᠨ ᠬᠢᠵᠠᠭᠠᠷᠳᠤ ᠬᠠᠷᠢᠭᠤᠴᠠᠯᠭᠠᠲᠤ ᠺᠣᠮᠫᠠᠨᠢ᠂ ᠹᠧᠩᠵᠧᠨ ᠬᠤᠲᠠ ᠶᠢᠨ ᠨᠢᠤ ᠰᠢᠨ ᠱᠠᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠬᠢᠵᠠᠭᠠᠷᠲᠤ ᠺᠣᠮᠫᠠᠨᠢ ᠵᠡᠷᠭᠡ 13 ᠠᠵᠤ ᠠᠬᠤᠶᠢᠯᠠᠯ ᠨᠢ ᠬᠤᠲᠠ ᠶᠢᠨ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠢᠵᠢᠭ ᠢ ᠡᠰᠡᠷᠭᠦᠴᠡᠨ ᠰᠡᠷᠭᠡᠶᠢᠯᠡᠵᠦ ᠪᠠᠶᠢᠭ᠎ᠠ ᠨᠥᠬᠦᠳ ᠲᠤ ᠢᠳᠡᠰᠢᠨ ᠨᠣᠭᠤᠭ᠎ᠠ᠂ ᠡᠭᠡᠳᠡᠭᠰᠡᠨ ᠰᠦ᠋᠂ ᠤᠰᠤ᠂ ᠳᠥᠭᠦᠮ ᠮᠢᠨᠲᠤᠤᠷ᠂ ᠪᠣᠭᠤᠷᠰᠤᠭ ᠵᠡᠷᠭᠡ ᠪᠤᠳᠠᠰ ᠬᠠᠨᠳᠢᠪᠯᠠᠪᠠ᠃ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠳᠤ ᠨᠢᠭᠡ ᠬᠤᠪᠢ ᠬᠦᠴᠦᠨ ᠪᠤᠯᠪᠠ᠃ ᠡᠭᠦᠨ ᠠᠴᠠ ᠭᠠᠳᠠᠨ᠎ᠠ᠂ ᠹᠧᠩᠵᠧᠨ ᠬᠤᠲᠠ ᠶᠢᠨ ᠬᠤᠸᠠᠩ ᠭᠤᠸᠠᠨ ᠠᠮᠠᠷᠠᠯᠲᠠ ᠶᠢᠨ ᠪᠠᠭᠤᠳᠠᠯ ᠨᠢ ᠬᠢᠵᠢᠭ ᠤᠨ ᠪᠠᠶᠢᠳᠠᠯ ᠢ ᠡᠰᠡᠷᠭᠦᠴᠡᠬᠦ ᠨᠢᠭᠡᠳᠦᠭᠡᠷ ᠹᠷᠣᠨᠲ ᠤᠨ ᠬᠥᠮᠦᠰ ᠢ ᠰᠦᠢᠳᠬᠡᠯ ᠬᠤᠷᠢᠶᠠᠬᠤ ᠦᠭᠡᠢ ᠪᠠᠷ ᠬᠤᠨᠤᠭᠤᠯᠵᠦ᠂ ᠹᠧᠩᠵᠧᠨ ᠬᠤᠲᠠ ᠶᠢᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠨᠢ ᠬᠢᠵᠢᠭ ᠤᠨ ᠪᠠᠶᠢᠳᠠᠯ ᠢ ᠡᠰᠡᠷᠭᠦᠴᠡᠬᠦ ᠨᠢᠭᠡᠳᠤᠮᠡᠯ ᠹᠷᠣᠨᠲ ᠤᠨ ᠬᠥᠮᠦᠰ ᠲᠤ ᠨᠢᠭᠡ ᠬᠤᠪᠢ ᠭᠡᠨᠡᠳᠲᠡ ᠶᠢᠨ ᠳᠠᠭᠠᠳᠬᠠᠯ ᠬᠠᠨᠳᠢᠪᠯᠠᠭᠰᠠᠨ ᠪᠠᠶᠢᠨ᠎ᠠ᠃       ᠴᠠᠭ ᠮᠥᠴᠡ ᠠᠶᠤᠯ ᠲᠦᠭᠰᠢᠭᠦᠷᠢᠲᠡᠢ ᠪᠣᠯᠬᠤ ᠲᠤᠳᠤᠮ ᠬᠠᠷᠢᠭᠤᠴᠠᠯᠭ᠎ᠠ ᠡᠭᠦᠷᠭᠡᠯᠡᠯ ᠤᠯᠠᠮ ᠲᠤᠳᠤᠷᠠᠨ᠎ᠠ︔ ᠬᠦᠴᠢᠷ ᠪᠡᠷᠬᠡᠰᠢᠶᠡᠯ ᠬᠠᠷᠰᠢ ᠰᠠᠭᠠᠳ ᠲᠤᠯᠭᠠᠷᠠᠬᠤ ᠲᠤᠳᠤᠮ   ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠤᠯᠠᠮ ᠢᠯᠡᠷᠭᠡᠢ ︕ ᠣᠳᠣᠬᠠᠨ ᠳᠤ᠂ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠲᠥᠯᠥᠭᠡ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ  ᠬᠠᠨᠳᠢᠪᠯᠠᠯ ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠳᠡᠢ ᠲᠡᠮᠵᠢᠯᠭᠡ ᠦᠵᠡᠭᠦᠯᠵᠦ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡᠯᠡᠯ ᠪᠠ ᠲᠡᠭᠡᠳᠤ ᠬᠡᠮᠵᠢᠶᠡᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠵᠡᠶ᠃ ᠪᠢᠳᠡ ᠬᠠᠮᠳᠤᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠳᠤ ᠯᠠᠪᠲᠠᠶ ᠢᠯᠠᠯᠲᠠ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ︕                             ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3