| 3 ᠰᠠᠷ᠎ᠠ ᠶᠢᠨ 10 ᠤ ᠡᠳᠦᠷ᠂ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠭᠠᠯ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠬᠤᠷᠠᠯᠳᠤᠪᠠ᠂ ᠮᠠᠨ ᠤ ᠬᠤᠲᠠ ᠬᠤᠪᠢᠶᠠᠷᠢ | ᠬᠤᠷᠠᠯ ᠤᠨ ᠲᠠᠯᠠᠪᠠᠶ ᠭᠠᠷᠭᠠᠵᠤ ᠬᠤᠷᠠᠯ ᠤᠨ ᠪᠤᠳᠠᠳᠠᠢ ᠪᠠᠶᠢᠳᠠᠯ ᠢ ᠵᠤᠬᠢᠶᠠᠨ ᠪᠠᠶᠢᠭᠤᠯᠤᠨ ᠭᠥᠯᠢᠶᠡᠨ ᠠᠪᠴᠤ ᠦᠵᠡᠵᠦ | ᠰᠤᠨᠤᠰᠪᠠ᠃ | | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢ ᠤᠯᠠᠮᠵᠢᠯᠠᠪᠠ᠃ ᠲᠥᠷᠥ ᠶᠢᠨ | ᠶᠠᠪᠤᠳᠠᠯ ᠤᠨ ᠭᠡᠰᠢᠭᠦᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠳᠠᠷᠭᠠᠬᠤ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠸᠠᠩ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ | ᡁᠢ ᠶᠦᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠬᠤᠲᠠ ᠶᠢᠨ ᠳᠠᠷᠤᠭ᠎ᠠ ᠵᠠᠩ ᠬᠤᠩ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠵᠢᠶᠦ᠋ᠨ ᠮᠠᠨ ᠤ | ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠪᠠ᠃ | ᠸᠠᠩ ᠶᠦᠩ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ | ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠬᠦᠨᠳᠦ ᠣᠨᠴᠠ | ᠶᠡᠭᠡ ᠭᠠᠮᠰᠢᠭ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠰᠢᠢᠳᠪᠦᠷᠢᠳᠤ ᠢᠯᠠᠯᠲᠠ ᠶᠢ ᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠣᠶ ᠪᠣᠯᠭᠠᠬᠤ | ᠬᠡᠷᠡᠭᠲᠡᠶ᠃ | | ᠸᠠᠩ ᠶᠦᠩ ᠵᠢᠭᠠᠵᠤ ᠭᠠᠷᠭᠠᠭᠰᠠᠨ ᠨᠢ᠄ ᠣᠳᠣᠬᠠᠨ ᠳᠤ ᠶᠠᠭ ᠰᠠᠶᠢᠬᠠᠨ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ | ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ᠂ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠭᠡᠮᠵᠢᠯᠡᠬᠦ︾ ᠱᠠᠭᠠᠷᠳᠠᠯᠭ᠎ᠠ ᠶᠣᠰᠣᠭᠠᠷ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠲᠣᠭᠲᠠᠴᠠ ᠶᠢ | ᠪᠦᠷᠢᠨᠰᠢᠬᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ | ᠤᠨᠲᠠᠷᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ ᠡᠬᠢ ᠡᠭᠦᠰᠦᠯ ᠠᠴᠠ ᠨᠢ ᠬᠠᠮᠢᠶᠠᠷᠤᠨ | ᠡᠵᠡᠮᠳᠡᠬᠦ ᠶᠢ ᠳᠣᠪᠤᠶᠢᠯᠭᠠᠨ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠠᠭ ᠬᠤᠭᠤᠴᠠᠭᠠᠨ ᠳᠤ ᠴᠢᠭᠯᠡᠭᠦᠯᠦᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ | ᠰᠠᠭᠤᠷᠢ ᠪᠠᠲᠤᠯᠠᠭ᠎ᠠ ᠪᠠ ᠪᠣᠳᠠᠲᠤ ᠪᠠᠶᠢᠯᠳᠤᠭᠠᠨ ᠤ ᠰᠤᠷᠢᠯᠳᠠ ᠶᠢ ᠴᠢᠩᠭᠠᠷᠠᠭᠤᠯᠤᠨ᠎ᠠ᠃ ᠠᠮᠤᠷ ᠲᠦᠪᠰᠢᠨ ᠢ ᠲᠡᠷᠢᠭᠦᠨ ᠳᠤ | ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠠᠪᠤᠷᠠᠬᠤ ᠶᠢ ᠪᠠᠷᠢᠮᠲᠠᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠠ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠭ᠎ᠠ ᠭᠠᠯ ᠶᠡᠭᠡ ᠭᠠᠮᠰᠢᠭ ᠪᠣᠯᠬᠤ ᠠᠴᠠ ᠡᠷᠡᠰ ᠵᠠᠶᠢᠯᠠᠰᠬᠢᠬᠦ | ᠬᠡᠷᠡᠭᠲᠡᠶ᠃ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠬᠠᠮᠠᠭᠠᠯᠠᠨ᠎ᠠ᠃ | ᠤᠷᠴᠢᠭᠤᠯᠤᠬᠴᠢ᠄ ᠼᠦᠢ ᠶᠢᠩ |