ᠸᠠᠩ ᡁᠢ ᠶᠦᠩ ᠹᠧᠩᠵᠧᠨ ᠬᠤᠲᠠ ᠶᠢᠨ ᠠᠷᠪᠠᠨ ᠬᠤᠶᠠᠳᠤᠭᠠᠷ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ‍ᠤᠨ‌‍ᠲ᠋ᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-21
       3 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠠᠷᠪᠠᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ  ᠬᠤᠷᠠᠯᠳᠤᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠳᠠᠬᠢᠨ ᠪᠠᠶᠢᠷᠢᠯᠠᠭᠤᠯᠤᠯᠲᠠ ᠬᠢᠪᠠ᠃ ᠵᠢᠯᠣᠭᠤᠳᠬᠤ ᠭᠠᠵᠠᠷ ᠤᠨ ᠡᠯ᠎ᠡ ᠳᠡᠳ᠋ ᠶᠡᠷᠦᠩᠬᠡᠶ ᠵᠢᠯᠣᠭᠤᠳᠣᠭᠴᠢ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠹᠧᠩᠵᠧᠨ ᠬᠤᠲᠠ ᠲᠥᠪ ᠤᠨ ᠪᠠ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ︾ ᠶᠢ ᠦᠨᠡᠨ ᠬᠦ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠬᠤᠷᠠᠯ ᠠᠴᠠ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠰᠤᠳᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠤᠨᠤᠰᠴᠦ᠂ ︽ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠠᠵᠢᠯ ᠲᠥᠷᠥᠯ ᠤᠨ ᠡᠮᠬᠢ ᠵᠢᠷᠤᠮ ᠲᠠᠢ ᠠᠵᠢᠯ ᠢᠶᠠᠨ ᠰᠡᠷᠭᠦᠭᠡᠬᠦ ᠪᠠ ᠨᠡᠶᠢᠭᠡᠮ ᠲᠣᠭᠤᠷᠢᠭ ᠤᠨ ᠣᠨᠣᠪᠴᠢᠲᠠᠶ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠠᠯᠪᠠᠨ ᠵᠠᠷ︾᠂ ︽ᠬᠢᠯᠢ ᠶᠢᠨ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠬᠤ ᠠᠵᠢᠯ ᠢ ᠰᠠᠶᠢᠲᠤᠷ ᠬᠢᠬᠦ ᠲᠤᠬᠠᠶ ᠠᠯᠪᠠᠨ ᠵᠠᠷ︾ ᠢ ᠬᠢᠨᠠᠨ ᠵᠥᠪᠯᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠄ ᠬᠢᠵᠢᠭ ᠤᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ᠂ ᠣᠳᠣᠬᠠᠨ ᠳᠤ ᠬᠢᠯᠢ ᠶᠢᠨ ᠭᠠᠳᠠᠨᠠᠬᠢ ᠪᠠ ᠭᠤᠤᠯᠳᠠᠯᠭ᠎ᠠ ᠲᠠᠢ ᠭᠠᠵᠠᠷ ᠣᠷᠣᠨ ᠤ ᠬᠢᠵᠢᠭ ᠤᠨ ᠬᠠᠯᠳᠠᠪᠦᠷᠢᠯᠠᠨ ᠣᠷᠣᠵᠤ ᠢᠷᠡᠬᠦ ᠴᠢᠨᠠᠷᠳᠠᠢ ᠠᠶᠤᠯ ᠲᠦᠭᠰᠢᠭᠦᠷᠢ ᠶᠢ ᠭᠤᠤᠯᠳᠠᠯᠭ᠎ᠠ ᠲᠠᠢ ᠰᠡᠷᠭᠡᠶᠢᠯᠡᠵᠦ᠂ ᠦᠵᠡᠯ ᠰᠠᠨᠠᠭ᠎ᠠ ᠪᠠᠨ ᠰᠤᠯᠠᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠵᠦ᠂ 51 ᠳ᠋ᠦᠭᠡᠷ ᠲᠣᠭᠠᠲᠤ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ᠂ ᠡᠯ᠎ᠡ ᠢᠳᠡᠭᠡᠨ ᠤᠮᠳᠠᠭᠠᠨ ᠤ ᠨᠢᠭᠡᠴᠡ ᠶᠢᠨ ᠡᠵᠡᠩᠨᠡᠯᠲᠡ ᠶᠢ ᠡᠮᠬᠢ ᠵᠢᠷᠤᠮ ᠲᠠᠢ ᠰᠡᠷᠭᠦᠭᠡᠬᠦ ᠬᠡᠷᠡᠭᠲᠡᠶ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ︽ᠬᠤᠶᠠᠷ ᠲᠠᠯ᠎ᠠ ᠪᠠᠷ ᠴᠢᠩᠭ᠎ᠠ︾ ᠪᠠᠶᠢᠬᠤ ᠶᠢ ᠦᠨᠡᠨᠬᠦ ᠪᠠᠲᠤᠯᠠᠵᠤ᠂ ︽ᠬᠤᠶᠠᠷ ᠲᠠᠯ᠎ᠠ ᠪᠠᠷ ᠢᠯᠠᠯᠲᠠ ᠣᠯᠬᠤ︾ ᠶᠢ ᠪᠡᠶᠡᠯᠡᠭᠦᠯᠬᠦ ᠬᠡᠷᠡᠭᠲᠡᠶ᠃                             ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3