| — ︽ᠦᠨᠳᠦᠰᠦᠲᠡᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠣᠨᠣᠯ ᠵᠢᠴᠢ | ᠥᠪᠥᠷ ᠮᠣᠩᠭᠤᠯ ᠤᠨ ᠦᠢᠯᠡᠳᠦᠯᠬᠡ︾ ᠶᠢᠨ ᠲᠤᠬᠠᠢ ᠲᠠᠨᠢᠯᠴᠠᠭᠤᠯᠭ᠎ᠠ ᠪᠠ ᠰᠢᠭᠦᠮᠵᠢ | ᠾᠧ ᠶᠣᠣ ᠶᠦᠨ | ᠶᠠᠳᠠᠭᠤ ᠶᠢ ᠵᠠᠰᠠᠬᠤ ᠳᠤ ᠮᠤᠩᠬᠠᠭ ᠪᠠᠯᠠᠶ ᠶᠢ ᠤᠷᠢᠳᠠᠪᠠᠷ ᠵᠠᠰᠠᠬᠤ ᠬᠡᠷᠡᠭᠲᠡᠶ᠃ ᠬᠤᠶᠢᠴᠢ ᠦᠶ᠎ᠡ ᠶᠢᠨ ᠬᠢᠨ ᠤ | ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠢᠯᠠᠩᠭᠤᠶ᠎ᠠ ᠠᠭᠤᠯᠠᠷᠬᠠᠭ ᠣᠷᠣᠨ ᠤ ᠶᠠᠳᠠᠭᠤ | ᠬᠦᠴᠢᠷᠳᠡᠯ ᠲᠠᠢ ᠭᠠᠵᠠᠷ ᠣᠷᠣᠨ ᠤ ᠬᠤᠶᠢᠴᠢ ᠦᠶ᠎ᠡ ᠶᠢᠨ ᠬᠢᠨ ᠤ ᠦᠰᠦᠨ ᠪᠤᠶᠢᠵᠢᠬᠤ ᠶᠢ ᠴᠢᠬᠤᠯᠠᠴᠢᠯᠠᠬᠤ ᠬᠡᠷᠡᠭᠲᠡᠶ | ᠃ ᠬᠤᠶᠢᠴᠢ ᠦᠶ᠎ᠡ ᠪᠠᠨ ᠰᠠᠶᠢᠨ ᠠᠮᠢᠳᠤᠷᠠᠭᠤᠯᠬᠤ ᠳᠤ ᠶᠠᠭᠤᠨ ᠤ ᠡᠮᠦᠨ᠎ᠡ ᠰᠣᠶᠣᠯ ᠲᠠᠢ ᠪᠠᠶᠢᠬᠤ ᠬᠡᠷᠡᠭᠲᠡᠶ᠂ | ᠢᠩᠭᠢᠪᠡᠯ ᠬᠤᠵᠢᠮ ᠲᠡᠳᠡᠨ ᠤ ᠬᠥᠭᠵᠢᠯᠲᠡ ᠪᠦᠷᠢᠮᠦᠰᠦᠨ ᠠᠳᠠᠯᠢ ᠦᠭᠡᠢ ᠪᠣᠯᠤᠨ᠎ᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠢ ᠵᠠᠪᠠᠯ ᠰᠠᠶᠢᠲᠤᠷ ᠬᠢᠵᠦ᠂ ᠬᠡᠤᠬᠡᠳ ᠲᠤ ᠰᠠᠶᠢᠨ ᠬᠥᠮᠦᠵᠢᠯ ᠬᠦᠷᠲᠡᠭᠡᠬᠦ ᠬᠡᠷᠡᠭᠲᠡᠶ᠂ ᠬᠡᠤᠬᠡᠳ ᠢ | ᠡᠬᠢᠯᠡᠯᠲᠡ ᠶᠢᠨ ᠱᠤᠭᠤᠮ ᠳᠡᠭᠡᠷ᠎ᠡ ᠢᠯᠠᠭᠳᠠᠭᠤᠯᠵᠤ ᠪᠣᠯᠬᠤ ᠦᠭᠡᠢ᠃ ᠡᠷᠲᠡᠨ ᠤ ᠬᠥᠮᠦᠰ ︽ᠭᠡᠷ ᠶᠠᠳᠠᠭᠤ ᠴᠦ | ᠬᠦᠤ ᠪᠠᠨ ᠨᠣᠮ ᠦᠵᠡᠭᠦᠯᠦᠨ᠎ᠡ︾ ᠬᠡᠬᠦ ᠤᠯᠠᠮᠵᠢᠯᠠᠯ ᠲᠠᠢ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ | ᠬᠡᠤᠬᠡᠳ ᠢ ᠬᠥᠮᠦᠵᠢᠭᠦᠯᠵᠦ ᠭᠠᠷᠭᠠᠬᠤ ᠨᠢ ᠰᠠᠶ᠋ᠢ ᠶᠠᠳᠠᠭᠤ ᠶᠢ ᠲᠡᠳᠭᠦᠭᠦ ᠦᠨᠳᠦᠰᠦᠨ ᠪᠤᠳᠤᠯᠭ᠎ᠠ ᠮᠥᠨ᠃ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ 2012 ᠣᠨ ᠤ 12 | ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠾᠧᠪᠸᠢ ᠮᠤᠵᠢ ᠶᠢᠨ ᠹᠦᠫᠢᠩ ᠰᠢᠶᠠᠨ ᠳᠤ ᠶᠠᠳᠠᠭᠤ ᠶᠢ ᠲᠡᠳᠭᠦᠵᠦ | ᠨᠡᠭᠡᠭᠡᠨ ᠬᠥᠭᠵᠢᠭᠦᠯᠬᠦ ᠠᠵᠢᠯ ᠢ ᠰᠢᠨᠵᠢᠯᠡᠨ ᠪᠠᠶᠢᠴᠠᠭᠠᠬᠤ ᠳᠠᠭᠠᠨ ᠢᠩᠭᠢᠵᠦ ᠶᠠᠷᠢᠪᠠ᠃ | ᠶᠠᠳᠠᠭᠤ ᠶᠢ ᠲᠡᠳᠬᠦᠬᠦ ᠳᠤ ᠡᠷᠬᠡᠪᠰᠢ ᠤᠶᠤᠨ ᠤᠬᠠᠭᠠᠨ ᠢ ᠲᠡᠳᠬᠦᠬᠦ ᠬᠡᠷᠡᠭᠲᠡᠢ᠃ ᠶᠠᠳᠠᠭᠤ ᠬᠦᠴᠢᠷᠳᠡᠯᠲᠡᠶ | ᠭᠠᠵᠠᠷ ᠣᠷᠣᠨ ᠤ ᠬᠡᠤᠬᠡᠳ ᠲᠤ ᠰᠠᠶᠢᠨ ᠰᠠᠶᠢᠬᠠᠨ ᠰᠤᠷᠭᠠᠨ ᠬᠥᠮᠦᠵᠢᠯ ᠬᠦᠷᠲᠡᠭᠡᠬᠦ ᠪᠣᠯ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠶᠢᠨ ᠴᠢᠬᠤᠯᠠ ᠡᠭᠦᠷᠭᠡ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠤᠨᠢᠨ ᠳᠡᠭᠡᠷ᠎ᠡ ᠨᠢ ᠤᠨᠤᠪᠴᠢᠳᠠᠢ ᠪᠠᠶᠢᠯᠭᠠᠬᠤ ᠪᠣᠯ ᠴᠢᠬᠤᠯᠠ ᠠᠭᠤᠯᠭ᠎ᠠ ᠮᠥᠨ᠂ ᠡᠪᠡᠳᠴᠢᠨ ᠳᠤᠨᠢ | ᠲᠠᠭᠠᠷᠠᠭᠤᠯᠤᠨ ᠡᠮ ᠥᠭᠴᠦ᠂ ᠨᠠᠷᠢᠨ ᠤᠨᠤᠪᠴᠢᠳᠠᠢ ᠲᠤᠰᠤᠯᠭᠠᠨ ᠤᠰᠤᠯᠠᠵᠤ᠂ ᠬᠠᠷᠠᠯᠳᠠ ᠲᠠᠢ ᠪᠠᠷ ᠡᠮᠨᠡᠨ | ᠵᠠᠰᠠᠵᠤ᠂ ᠶᠠᠳᠠᠭᠤ ᠶᠢ ᠲᠡᠳᠬᠦᠬᠦ ᠳᠤ ᠴᠡᠭ ᠳᠡᠭᠡᠷ᠎ᠡ ᠨᠢ ᠦᠨᠳᠦᠰᠦ ᠠᠴᠠ ᠨᠢ ᠲᠡᠳᠬᠦᠬᠦ ᠬᠡᠷᠡᠭᠲᠡᠢ᠃ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠶᠠᠳᠠᠭᠤᠷᠠᠭᠰᠠᠨ ᠰᠢᠯᠲᠠᠭᠠᠨ ᠪᠠ ᠶᠠᠳᠠᠭᠤ ᠠᠴᠠ ᠠᠩᠭᠢᠵᠢᠷᠠᠬᠤ ᠰᠠᠭᠠᠳ | ᠬᠦᠴᠦᠨ ᠢ ᠵᠠᠳᠠᠯᠵᠤ᠂ ᠰᠤᠷᠭᠠᠨ ᠬᠥᠮᠦᠵᠢᠯ ᠭᠥᠷᠳᠡᠬᠦ ᠵᠠᠪᠰᠢᠶᠠᠨ ᠴᠥᠭᠡᠨ ᠪᠠᠶᠢᠬᠤ ᠠᠴᠠ ᠪᠣᠯᠤᠭᠰᠠᠨ ᠥᠪᠡᠷ ᠢ ᠪᠠᠨ | ᠬᠥᠭᠵᠢᠭᠦᠯᠬᠦ ᠴᠢᠳᠠᠪᠤᠷᠢ ᠳᠣᠤᠷ᠎ᠠ ᠵᠢᠴᠢ ᠦᠷ᠎ᠡ ᠬᠡᠤᠬᠡᠳ ᠢᠶᠠᠨ ᠠᠰᠠᠷᠠᠨ ᠲᠡᠵᠢᠭᠡᠵᠦ ᠰᠤᠷᠭᠠᠨ ᠬᠥᠮᠦᠵᠢᠯ | ᠬᠦᠷᠳᠡᠭᠡᠬᠦ ᠶᠢᠨ ᠲᠥᠯᠥᠭᠡ ᠪᠣᠶ ᠪᠣᠯᠤᠭᠰᠠᠨ ᠠᠵᠤ ᠠᠬᠤᠶ ᠶᠢᠨ ᠳᠠᠷᠤᠯᠲᠠ ᠪᠣᠯ ᠶᠠᠳᠠᠭᠤᠷᠠᠯ ᠡᠬᠦᠰᠬᠦ ᠶᠢᠨ ᠭᠤᠤᠯ | ᠰᠢᠯᠲᠠᠭᠠᠨ ᠪᠣᠯᠤᠨ᠎ᠠ᠃ ᠶᠠᠭ ᠡᠶᠢᠮᠦ ᠤᠴᠢᠷ ᠠᠴᠠ᠂ ︽ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ | ᠬᠥᠮᠦᠰ ᠢ ᠶᠠᠳᠠᠭᠤ ᠠᠴᠠ ᠠᠩᠭᠢᠵᠢᠷᠠᠭᠤᠯᠬᠤ︾ ᠨᠢ ︽ᠦᠶ᠎ᠡ ᠤᠯᠠᠷᠢᠨ ᠶᠠᠳᠠᠭᠤᠷᠠᠬᠤ ᠶᠢ ᠬᠤᠷᠢᠭᠯᠠᠨ ᠵᠣᠭᠰᠣᠭᠠᠬᠤ︾ | ᠶᠢᠨ ᠴᠠᠭ ᠦᠶᠡᠴᠢ ᠲᠠᠷᠬᠠᠨ ᠡᠭᠦᠷᠭᠡ ᠶᠢ ᠤᠯᠭᠤᠬᠳᠠᠬᠰᠠᠨ ᠪᠠᠶᠢᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠪᠣᠯ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠦᠢᠯᠡᠰ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ | ᠥᠷᠲᠡᠭ ᠤᠨ ᠬᠠᠨᠳᠤᠰᠢ ᠨᠢ ᠦᠨᠳᠦᠰᠦᠲᠡᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠶᠢᠨ ᠵᠠᠶᠢᠯᠠᠰᠢ | ᠦᠭᠡᠢ ᠴᠢᠨᠠᠷ ᠢ ᠲᠤᠬᠳᠠᠭᠠᠬᠰᠠᠨ ᠪᠥᠭᠡᠳ ᠪᠠᠰᠠ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠦᠨᠳᠦᠰᠦᠲᠡᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠪᠣᠯ ᠨᠡᠶᠢᠭᠡᠮ ᠤᠨ ᠲᠥᠪ ᠭᠤᠣᠯᠴᠢ ᠪᠠᠶᠢᠬᠤ ᠶᠢᠨ ᠴᠢᠬᠤᠯᠠ ᠰᠠᠭᠤᠷᠢ ᠮᠥᠨ᠂ | ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠢᠯᠡᠭᠦᠦ ᠨᠡᠩ | ᠭᠤᠣᠯᠴᠢ ᠪᠠᠷ ᠬᠦᠷᠲᠡᠭᠡᠪᠡᠯ ᠰᠠᠶ᠋ᠢ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠨᠡᠩ ᠰᠠᠶᠢᠲᠤᠷ | ᠠᠬᠢᠭᠤᠯᠵᠦ ᠴᠢᠳᠠᠨ᠎ᠠ᠃ | ᠦᠢᠯᠡᠳᠦᠯᠬᠡ ᠶᠢᠨ ᠬᠡᠷᠡᠭᠴᠡᠭᠡ ᠪᠣᠯ ᠤᠨᠤᠯ ᠤᠨ ᠰᠤᠳᠤᠯᠭᠠᠨ ᠤ ᠬᠥᠳᠡᠯᠭᠡᠬᠦ ᠬᠦᠴᠦᠨ ᠤ ᠡᠬᠢ ᠪᠤᠯᠠᠭ ᠮᠥᠨ | ᠂ ᠪᠠᠰᠠ ᠴᠤ ᠤᠨᠤᠯ ᠤᠨ ᠦᠢᠯᠡᠳᠦᠯᠬᠡ ᠳᠤ ᠥᠷᠭᠡᠨ ᠠᠭᠤᠳᠠᠮ ᠲᠠᠪᠴᠠᠩ ᠢ ᠬᠠᠩᠭᠠᠭᠰᠠᠨ ᠪᠠᠶᠢᠨ᠎ᠠ᠃ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠵᠠᠩ ᠠᠢ ᠯᠢ ᠫᠷᠤᠹᠧᠰᠰᠤᠷ ᠤᠨ ᠡᠷᠬᠢᠯᠡᠭᠰᠡᠨ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠪᠠᠷᠠᠭᠤᠨ ᠣᠷᠣᠨ ᠤ ᠲᠦᠷᠦᠯ ᠵᠦᠢᠯ ᠪᠤᠯᠬᠤ ︽ | ᠥᠪᠥᠷ ᠮᠤᠩᠭᠤᠯ ᠣᠷᠣᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠳᠣᠬᠢ ᠪᠠᠶᠢᠳᠠᠯ ᠬᠢᠭᠡᠳ ᠶᠠᠳᠠᠭᠤ ᠠᠴᠠ | ᠠᠩᠭᠢᠵᠢᠷᠠᠭᠤᠯᠬᠤ ᠶᠢ ᠠᠷᠭᠠᠴᠠᠬᠤ ᠪᠤᠳᠤᠯᠭ᠎ᠠ ᠶᠢᠨ ᠰᠤᠳᠤᠯᠤᠯ︾ ᠤᠨ ᠱᠠᠳᠤᠴᠢ ᠴᠢᠨᠠᠷᠲᠠᠢ ᠦᠷ᠎ᠡ ᠪᠦᠲᠦᠭᠡᠯ — | ︽ᠦᠨᠳᠦᠰᠦᠲᠡᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠤᠨᠤᠯ ᠵᠢᠴᠢ ᠥᠪᠥᠷ ᠮᠣᠩᠭᠤᠯ ᠤᠨ | ᠦᠢᠯᠡᠳᠦᠯᠭᠡ︾ ᠶᠢ 2019 ᠣᠨ ᠤ 11 ᠰᠠᠷ᠎ᠠ ᠳᠤ ᠨᠡᠶᠢᠭᠡᠮ ᠤᠨ ᠰᠢᠨᠵᠢᠯᠡᠬᠦ ᠤᠬᠠᠭᠠᠨ ᠤ ᠲᠤᠯᠭᠤᠷ ᠪᠢᠴᠢᠭ ᠤᠨ | ᠬᠡᠪᠯᠡᠯ ᠤᠨ ᠬᠤᠷᠢᠶ᠎ᠠ ᠠᠴᠠ ᠬᠡᠪᠯᠡᠬᠦᠯᠵᠦ᠂ ᠪᠣᠳᠠᠲᠤ ᠭᠡᠷᠡᠴᠢ ᠶᠢᠨ ᠪᠠᠶᠢᠴᠠᠭᠠᠨ ᠰᠤᠳᠤᠯᠤᠯᠲᠠ᠂ ᠤᠨᠤᠯ ᠤᠨ | ᠰᠤᠳᠤᠯᠭᠠᠨ᠂ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠪᠣᠯᠤᠨ ᠨᠢᠭᠡ ᠴᠤᠬᠴᠠᠵᠢᠭᠤᠯᠤᠬᠰᠠᠨ ᠨᠡᠯᠢᠶᠡᠳ ᠥᠨᠳᠥᠷ | ᠲᠦᠪᠰᠢᠨ ᠪᠦᠬᠦᠢ ᠰᠤᠳᠤᠯᠭᠠᠨ ᠤ ᠦᠷ᠎ᠡ ᠪᠦᠲᠦᠭᠡᠯ ᠢ ᠪᠦᠷᠢᠯᠳᠦᠭᠦᠯᠵᠡᠢ᠃ ᠰᠤᠷᠭᠠᠨ ᠬᠥᠮᠦᠵᠢᠯ ᠤᠨ ᠡᠷᠬᠡ ᠲᠡᠭᠰᠢ | ᠳᠤᠲᠠᠭᠳᠠᠯ ᠲᠠᠢ ᠪᠠᠶᠢᠬᠤ ᠪᠠᠶᠢᠳᠠᠯ ᠢ ᠵᠠᠯᠠᠷᠠᠭᠤᠯᠬᠤ᠂ ᠶᠠᠳᠠᠭᠤ ᠶᠢ ᠲᠡᠳᠬᠦᠬᠦ ᠠᠵᠢᠯ ᠢ ᠬᠦᠨᠵᠡᠭᠡᠶᠢᠷᠡᠬᠦᠯᠬᠦ ᠪᠠ | ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠡᠶ᠎ᠡ ᠵᠣᠬᠢᠴᠠᠯ ᠲᠠᠢ ᠪᠣᠯᠭᠠᠬᠤ ᠶᠢ ᠣᠷᠭᠠᠨᠢᠭ ᠢᠶᠠᠷ | ᠤᠶᠠᠯᠳᠤᠭᠤᠯᠵᠤ᠂ ᠰᠤᠳᠤᠯᠭᠠᠨ ᠤ ᠬᠠᠷᠠᠭᠠᠰᠤ ᠶᠢᠨ ᠲᠠᠯ᠎ᠠ ᠪᠠᠷ ᠵᠣᠬᠢᠬᠤ ᠥᠪᠡᠷᠮᠢᠴᠡ ᠲᠠᠯ᠎ᠠ ᠲᠠᠢ ᠪᠣᠯᠭᠠᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠭᠰᠡᠨ ᠥᠪᠥᠷ ᠮᠣᠩᠭᠤᠯ ᠤᠨ ᠲᠤᠷᠰᠢᠯᠭ᠎ᠠ ᠶᠢ | ᠳ᠋ᠦᠩᠨᠡᠵᠦ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠦᠨᠳᠦᠰᠦᠲᠡᠨ ᠤ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠬᠦᠬᠦ ᠵᠠᠭᠪᠤᠷ ᠢ ᠰᠦᠪᠡᠭᠴᠢᠯᠡᠨ ᠪᠦᠷᠢᠯᠳᠦᠭᠦᠯᠬᠦ ᠶᠢᠨ ᠬᠠᠮᠲᠤ ᠲᠡᠭᠦᠨ ᠢ ᠦᠨᠡᠨ ᠬᠦ | ᠶᠠᠪᠤᠬᠳᠠᠭᠤᠰᠢᠳᠠᠢ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠣᠯᠭᠠᠨ ᠬᠤᠪᠢᠷᠠᠭᠤᠯᠵᠤ᠂ ᠦᠨᠳᠦᠰᠦᠲᠡᠨ ᠤ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠤᠨᠤᠯ ᠪᠠ ᠦᠢᠯᠡᠳᠦᠯᠭᠡ ᠶᠢ ᠪᠦᠲᠦᠮᠵᠢᠲᠡᠢ ᠳᠡᠯᠭᠡᠷᠡᠭᠦᠯᠬᠦ ᠪᠠ | ᠲᠤᠯᠢ ᠪᠣᠯᠭᠠᠬᠤ ᠵᠡᠷᠭᠡ ᠨᠢ ᠲᠤᠰ ᠦᠷ᠎ᠡ ᠪᠦᠲᠦᠭᠡᠯ ᠤᠨ ᠰᠤᠳᠤᠯᠭᠠᠨ ᠤ ᠦᠢᠯᠡᠳᠦᠯᠭᠡ ᠶᠢᠨ ᠠᠴᠢ ᠬᠤᠯᠪᠣᠭᠳᠠᠯ | ᠪᠣᠯᠤᠨ᠎ᠠ᠃ | ᠰᠢᠨ᠎ᠡ ᠴᠠᠭ ᠦᠶ᠎ᠡ ᠳᠤ ᠤᠷᠤᠬᠰᠠᠨ ᠠᠴᠠ᠂ ᠦᠨᠳᠦᠰᠦᠲᠡᠨ ᠤ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠤ ᠰᠤᠷᠭᠠᠨ | ᠬᠥᠮᠦᠵᠢᠯ ᠢᠶᠠᠷ ᠶᠠᠳᠠᠭᠤ ᠶᠢ ᠲᠡᠳᠭᠦᠭᠦ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠨᠢ | ᠥᠪᠥᠷ ᠮᠣᠩᠭᠤᠯ ᠣᠷᠣᠨ ᠤ ᠪᠦᠬᠦ ᠲᠠᠯ ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠪᠠ ᠰᠡᠭᠦᠯᠴᠢ ᠶᠢᠨ | ᠴᠢᠨᠡᠭᠡᠯᠢᠭᠵᠢᠬᠦ ᠴᠠᠭ ᠦᠶ᠎ᠡ ᠶᠢᠨ ᠥᠪᠥᠷ ᠮᠤᠩᠭᠤᠯ ᠤᠨ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ | ᠮᠠᠨᠳᠤᠭᠤᠯᠬᠤ ᠪᠠ ᠥᠪᠥᠷ ᠮᠣᠩᠭᠤᠯ ᠤᠨ ᠡᠯ᠎ᠡ ᠦᠨᠳᠤᠰᠦᠳᠡᠨ ᠤ ᠠᠷᠠᠳ ᠲᠦᠮᠡᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠰᠢᠨ᠎ᠡ ᠴᠠᠭ ᠦᠶ᠎ᠡ ᠶᠢᠨ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠠᠶᠢᠭᠤᠯᠬᠤ ᠳᠤ ᠴᠥᠮ ᠲᠦᠢᠯ ᠤᠨ ᠴᠢᠬᠤᠯᠠ ᠤᠨᠤᠯ ᠤᠨ | ᠰᠡᠩᠬᠡᠷᠡᠭᠦᠯᠦᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃ | ︵ᠵᠣᠬᠢᠶᠠᠭᠴᠢ ᠪᠣᠯ ᠬᠥᠯᠥᠨ ᠪᠤᠶᠢᠷ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠮᠥᠨ︶ | | | ᠪᠡᠯᠡᠳᠭᠡᠭᠰᠡᠨ ᠨᠢ᠄ ᠼᠦᠢ ᠶᠢᠩ |