ᠹᠧᠩᠵᠧᠨ ᠬᠤᠳᠠ ᠠᠵᠦ ᠠᠬᠤᠶᠢᠯᠠᠯ ᠤᠨ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠡᠰ ᠲᠠᠷᠠᠭᠠᠯᠠᠯ ᠲᠠᠢ ᠪᠠᠷ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020-03-30
     ᠬᠢᠵᠢᠭ ᠤᠨ ᠪᠠᠶᠢᠳᠠᠯ ᠤᠨ ᠰᠠᠶᠢᠵᠢᠷᠠᠬᠤ ᠶᠢ ᠲᠠᠭᠠᠯᠳᠤᠨ᠂ ᠮᠠᠨ ᠤ ᠬᠤᠳᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠬᠠᠮᠳᠤ᠂ ᠪᠦᠬᠦ ᠬᠦᠴᠦᠨ ᠢᠶᠠᠷ ᠠᠵᠦ ᠠᠬᠤᠶᠢᠯᠠᠯ ᠢ ᠬᠠᠪᠰᠤᠷᠤᠨ ᠪᠤᠳᠠᠳᠠᠢ ᠬᠦᠴᠢᠷᠳᠡᠯ ᠪᠠ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ᠂ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠠᠮᠳᠤᠪᠠᠷ ᠠᠳᠬᠤᠵᠦ᠂ ᠪᠦᠷ ᠰᠠᠭᠠᠳᠠᠭᠠᠬᠤ ᠦᠬᠡᠢ ᠶᠢ ᠪᠡᠶᠡᠯᠡᠭᠦᠯᠪᠡ᠃
     ᠵᠢᠢ ᠲᠢᠶᠧ ᠬᠤᠯᠢᠮᠠᠭ ᠲᠡᠮᠦᠷ ᠤᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠨᠢ ᠭᠤᠤᠯᠳᠠᠭᠤ ᠬᠤᠯᠢᠮᠠᠭ ᠲᠡᠮᠦᠷ ᠤᠨ ᠦᠢᠯᠡᠳᠬᠦᠨ ᠤ ᠦᠢᠯᠡᠳᠪᠦᠷᠢᠯᠡᠯ ᠪᠠ ᠪᠤᠷᠤᠯᠠᠭᠤᠯᠬᠤ ᠠᠵᠢᠯ ᠢ ᠡᠷᠬᠢᠯᠡᠵᠦ ᠪᠠᠶᠢᠬᠤ ᠠᠴᠠ ᠦᠨᠦ ᠠᠭᠠᠵᠢᠮ ᠢᠶᠠᠷ ᠬᠦᠭᠵᠢᠭᠡᠳ ᠨᠢᠭᠡᠨᠳᠡ ᠦᠢᠯᠡᠳᠪᠦᠷᠢᠯᠡᠵᠦ ᠡᠵᠡᠩᠨᠡᠬᠦ ᠶᠢ ᠬᠠᠪᠰᠤᠷᠭᠠᠬᠰᠠᠨ᠂ ᠡᠷᠳᠡᠮ ᠰᠢᠨᠵᠢᠯᠡᠭᠡᠨ ᠤ ᠲᠦᠰᠦᠪᠯᠡᠭᠡᠳᠡᠢ᠂ ᠰᠢᠨ᠎ᠡ ᠪᠦᠳᠦᠭᠡᠭᠳᠡᠭᠦᠨ ᠤ ᠨᠡᠬᠡᠬᠡᠯᠳᠡᠳᠡᠢ᠂ ᠲᠦᠭᠦᠬᠡᠷᠤᠮᠵᠢ ᠤᠬᠰᠠᠷᠠᠭᠤᠯᠵᠦ ᠦᠢᠯᠡᠳᠬᠦ ᠪᠠ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠮᠡᠷᠭᠡᠵᠢᠯ ᠤᠨ ᠦᠢᠯᠡᠴᠢᠯᠡᠭᠡ ᠨᠢᠬᠡᠨ ᠴᠤᠬᠴᠠᠵᠢᠯᠠᠬᠰᠠᠨ ᠶᠡᠷᠤᠩᠭᠡᠢ ᠲᠡᠮᠦᠷᠯᠢᠭ ᠬᠠᠶᠢᠯᠤᠭᠤᠯᠬᠤ ᠠᠵᠦ ᠠᠬᠤᠶᠢᠯᠠᠯ ᠪᠤᠯᠵᠦ ᠪᠦᠷᠢᠯᠳᠦᠪᠡ᠃ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ᠂ ᠪᠠᠶᠢᠴᠠᠭᠠᠨ ᠵᠠᠰᠠᠬᠤ ᠲᠠᠰᠤᠭ ᠪᠠ ᠭᠤᠤᠯ ᠡᠵᠡᠮᠳᠡᠬᠦ ᠲᠠᠰᠤᠭ ᠪᠦᠷᠢ ᠳᠤ ᠠᠵᠢᠯᠴᠢᠳ ᠲᠤᠰ ᠲᠤᠰ ᠤᠨ ᠪᠠᠶᠢᠷᠢ ᠳᠠᠭᠠᠨ ᠶᠠᠭᠠᠷᠠᠯᠳᠤᠵᠦ᠂ ᠴᠠᠬᠢᠯᠠᠭᠠᠨ ᠵᠤᠤᠬ᠎ᠠ ᠪᠠᠷ ᠦᠢᠯᠡᠳᠪᠦᠷᠢᠯᠡᠬᠦ᠂ ᠮᠠᠰᠢᠨ ᠢ ᠵᠠᠰᠠᠨ ᠪᠠᠶᠢᠴᠠᠭᠠᠬᠤ᠂ ᠲᠡᠷᠭᠡᠨ ᠳᠤ ᠲᠡᠭᠡᠭᠡᠬᠦ᠂ ᠵᠡᠷᠭᠡ ᠠᠵᠢᠯ ᠴᠦᠮ ᠠᠯᠬᠤᠮ ᠲᠠᠷᠠᠭᠠᠯᠠᠯ ᠲᠠᠢ ᠶᠠᠪᠤᠬᠳᠠᠨ᠎ᠠ᠃ ᠺᠤᠮᠫᠠᠨᠢ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠴᠠ ᠨᠠᠰᠢ᠂  ᠦᠢᠯᠡᠳᠪᠦᠷᠢᠯᠡᠯ ᠪᠤᠷᠤᠭᠤᠯᠤᠯᠳᠠ ᠶᠢ ᠬᠠᠮᠳᠤᠪᠠᠷ ᠠᠳᠬᠤᠨ ᠬᠠᠮᠳᠤᠪᠠᠷ ᠠᠬᠢᠭᠤᠯᠵᠦ᠂ 2142 ᠨᠡᠷᠡᠰ ᠠᠵᠢᠯᠴᠢᠨ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠪᠠᠨ ᠭᠠᠷᠴᠦ᠂  ᠠᠵᠢᠯ ᠳᠤ ᠭᠠᠷᠤᠬᠰᠠᠨ ᠨᠤᠷᠮ᠎ᠠ ᠵᠠᠭᠤᠨ ᠤ ᠵᠠᠭᠤ ᠳᠤ ᠬᠦᠷᠴᠦ᠂ ᠠᠵᠦ ᠠᠬᠤᠶᠢᠯᠠᠯ ᠤᠨ ᠦᠢᠯᠡᠳᠪᠦᠷᠢᠯᠡᠯ ᠡᠩ ᠤᠨ ᠪᠠᠶᠢᠳᠠᠯ ᠢ ᠰᠡᠷᠭᠦᠭᠡᠪᠡ᠃
   ᠮᠠᠨ ᠤ ᠬᠤᠳᠠ ᠠᠵᠦ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠡᠰ ᠲᠠᠷᠠᠭᠠᠯᠠᠯ ᠲᠠᠢ ᠠᠬᠢᠭᠤᠯᠬᠤ ᠲᠤᠮᠳᠠ ᠪᠠᠨ ᠰᠡᠷᠭᠡᠶᠢᠯᠡᠨ ᠡᠵᠡᠮᠳᠡᠬᠦ ᠲᠦᠰᠦᠪ ᠪᠠ ᠲᠦᠯᠬᠢᠨ ᠠᠬᠢᠭᠤᠯᠬᠤ ᠠᠷᠭ᠎ᠠ ᠬᠡᠮᠵᠢᠶ᠎ᠠ ᠲᠤᠬᠳᠠᠭᠠᠵᠦ  ᠂ ᠠᠵᠢᠯ ᠢᠶᠠᠨ ᠰᠡᠷᠭᠦᠭᠡᠭᠰᠡᠨ ᠠᠵᠦ ᠠᠬᠤᠶᠢᠯᠠᠯ ᠳᠤ ᠬᠢᠨᠠᠨ ᠪᠠᠶᠢᠴᠠᠭᠠᠯᠳᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠢᠯᠤᠭᠤᠳᠬᠤ ᠬᠦᠴᠦᠯᠡᠴᠡ ᠪᠠᠨ ᠴᠢᠩᠭᠠᠳᠬᠠᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠲᠤᠮᠳᠠ ᠲᠤᠬᠢᠶᠠᠯᠳᠤᠬᠰᠠᠨ ᠪᠤᠳᠠᠳᠠᠢ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠡᠯ᠎ᠡ ᠵᠦᠢᠯ ᠤᠨ ᠠᠰᠢᠭ ᠦᠬᠡᠢ ᠡᠯᠧᠮᠧᠨ᠋ᠲ ᠤᠨ ᠨᠦᠯᠦᠬᠡ ᠶᠢ ᠤᠰᠠᠳᠬᠠᠵᠦ᠂ ᠪᠦᠬᠦ ᠬᠦᠴᠦᠨ ᠢᠶᠠᠷ ᠦᠢᠯᠡᠳᠪᠦᠷᠢᠯᠡᠯ ᠠᠵᠢᠯ ᠢᠶᠠᠨ ᠡᠬᠢᠯᠡᠭᠦᠯᠬᠦ ᠶᠢ ᠬᠠᠮᠠᠭᠠᠯᠠᠵᠦ᠂ ᠠᠵᠦ ᠦᠢᠯᠡᠳᠪᠦᠷᠢ ᠠᠵᠦ ᠠᠬᠤᠶᠢᠯᠠᠯ ᠤᠨ ᠠᠭᠠᠵᠢᠮ ᠢᠶᠠᠷ ᠡᠩ ᠤᠨ ᠦᠢᠯᠡᠳᠪᠦᠷᠢᠯᠡᠬᠦ ᠡᠮᠬᠢ ᠲᠢᠭᠯᠢᠮ ᠲᠠᠢ ᠪᠤᠯᠬᠤ ᠶᠢ ᠪᠡᠶᠡᠯᠡᠬᠦᠯᠦᠨ᠎ᠡ᠃
              ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3