| 3 ᠰᠠᠷ᠎ᠠ ᠶᠢᠨ 24 ᠤ ᠡᠳᠦᠷ᠂ ᠮᠠᠨ ᠤ ᠬᠤᠲᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠡᠭᠦᠷᠭᠡᠯᠡᠬᠦ ᠬᠤᠷᠠᠯ ᠢ ᠬᠤᠷᠠᠯᠳᠤᠭᠤᠯᠪᠠ᠃ ᠤᠯᠠᠭᠠᠨᠴᠠᠪ ᠬᠤᠲᠠ ᠶᠢᠨ | ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠤᠯᠤᠰ ᠲᠥᠷᠥ ᠶᠢᠨ ᠭᠡᠰᠢᠭᠦᠨ ᠭᠦᠸᠧ ᠰᠢᠶᠤᠤ | ᠮᠢᠨ︔ ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ᠂ ᠬᠤᠲᠠ ᠶᠢᠨ ᠨᠠᠮ ᠤᠨ ᠬᠤᠷᠢᠶ᠎ᠠ ᠶᠢᠨ | ᠳᠡᠳ᠋ ᠱᠦᠵᠢ᠂ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠶᠠᠨ ᠯᠢᠨ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ | ᠵᠢᠶᠠ ᠵᠧᠩ ᠵᠢᠶᠦ᠋ᠨ ᠪᠣᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ ᠵᠧᠨ | ᠪᠥᠸᠧ ᠨᠠᠷ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ ᠭᠦᠸᠧ ᠰᠢᠶᠤᠤ ᠮᠢᠨ ︽ᠲᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠤᠨ | ᠴᠡᠷᠢᠭ ᠤᠨ ᠬᠤᠪᠢᠶᠠᠷᠢ ᠲᠣᠭᠤᠷᠢᠭ ᠤᠨ ᠬᠤᠷᠢᠶᠠᠨ ᠤ ᠸᠠᠩ ᠵᠧᠨ ᠬᠠᠶ ᠨᠥᠬᠦᠷ ᠢ ᠹᠧᠩᠵᠧᠨ ᠬᠤᠲᠠ ᠶᠢᠨ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠪᠠᠷ ᠨᠡᠮᠡᠵᠦ ᠨᠥᠬᠦᠪᠥᠷᠢᠯᠡᠬᠦ ᠲᠤᠬᠠᠶ | ᠲᠣᠭᠲᠠᠭᠠᠯ︾ ᠢ ᠨᠡᠶᠢᠲᠡᠯᠡᠭᠰᠡᠨ ᠪᠥᠭᠡᠳ ᠲᠤᠬᠠᠶ ᠶᠢᠨ ᠲᠠᠯᠠᠪᠠᠶ ᠳᠤ ︽ᠲᠤᠰᠢᠶᠠᠯ ᠳᠤ ᠲᠣᠮᠢᠯᠠᠬᠤ ᠪᠢᠴᠢᠭ︾ ᠭᠠᠷᠳᠠᠭᠤᠯᠪᠠ | ᠃ | | ᠳᠠᠷᠠᠭ᠎ᠠ ᠨᠢ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠨᠠᠮ ᠤᠨ ᠬᠤᠷᠢᠶᠠᠨ ᠤ ᠨᠢᠭᠡᠳᠦᠭᠡᠷ ᠱᠦᠵᠢ ᠸᠠᠩ ᠵᠧᠨ ᠬᠠᠢ ᠶᠠᠷᠢᠶ᠎ᠠ ᠲᠠᠯᠪᠢᠪᠠ᠃ | ᠸᠠᠩ ᠵᠧᠨ ᠬᠠᠢ᠄ ᠤᠢᠢᠷ᠎ᠠ ᠶᠢᠨ ᠵᠢᠯ ᠠᠴᠠ᠂ ᠮᠠᠨ ᠤ ᠬᠤᠳᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ | ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠨᠠᠮ ᠤᠨ ᠰᠢᠨ᠎ᠡ ᠪᠠᠶᠢᠳᠠᠯ | ᠳᠣᠣᠷᠠᠬᠢ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠭᠤᠣᠯᠳᠠᠭᠤᠯᠵᠤ᠂ ᠤᠯᠤᠰ ᠲᠦᠷᠦ ᠪᠠᠷ ᠴᠡᠷᠢᠭ | ᠪᠠᠶᠢᠭᠤᠯᠬᠤ ᠶᠢ ᠴᠢᠩᠭ᠎ᠠ ᠠᠳᠬᠤᠵᠤ᠂ ᠲᠠᠶᠢᠨ ᠳᠤ ᠪᠡᠯᠡᠳᠬᠡᠬᠦ ᠲᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠭᠦᠨᠵᠡᠭᠡᠢ ᠬᠥᠭᠵᠢᠭᠦᠯᠵᠦ᠂ ᠡᠯ᠎ᠡ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠮᠵᠢᠯᠲᠠ ᠨᠢ ᠪᠠᠶᠠᠷᠯᠠᠭᠤᠰᠢᠲᠠᠢ ᠪᠠᠶᠢᠨ᠎ᠠ᠃ ᠰᠢᠨ᠎ᠡ ᠴᠠᠭ ᠦᠶ᠎ᠡ ᠶᠢᠨ ᠰᠢᠨ᠎ᠡ ᠴᠡᠭ ᠳᠡᠭᠡᠷ᠎ᠡ | ᠵᠣᠭᠰᠣᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ︽ᠪᠤᠤᠬᠢᠶ᠎ᠠ | ︾ ᠶᠢ ᠬᠦᠯᠢᠶᠡᠨ ᠠᠪᠤᠭᠠᠳ ᠡᠭᠦᠷᠭᠡ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠭᠡᠵᠦ ᠪᠢ ᠭᠦᠨ ᠲᠦᠷᠦᠭᠳᠡᠵᠦ ᠪᠠᠶᠢᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠪᠢ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠦᠨ | ᠴᠡᠷᠢᠭ ᠢ ᠮᠠᠨᠳᠤᠭᠤᠯᠬᠤ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠠ | ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ | ᠦᠶ᠎ᠡ ᠶᠢᠨ ᠬᠦᠷᠳᠡᠭᠡᠭᠰᠡᠨ ᠠᠵᠠ ᠲᠣᠬᠢᠶᠠᠯ ᠪᠠ ᠲᠠᠪᠴᠠᠩ ᠢ ᠬᠤᠪᠢ ᠲᠠᠬᠢᠨ ᠨᠠᠨᠳᠢᠩᠨᠠᠵᠤ᠂ ᠵᠣᠬᠢᠶᠠᠨ ᠪᠠᠶᠢᠭᠤᠯᠤᠯᠳᠠ ᠶᠢᠨ | ᠬᠦᠨᠳᠦ ᠨᠠᠶᠢᠳᠠᠯᠭ᠎ᠠ ᠪᠠ ᠭᠦᠨ ᠵᠤᠵᠠᠭᠠᠨ ᠬᠠᠶᠢᠷ᠎ᠠ ᠶᠢ ᠬᠤᠪᠢ ᠲᠠᠬᠢᠨ ᠨᠠᠨᠳᠢᠩᠨᠠᠵᠤ᠂ ᠪᠦᠬᠦ ᠳᠠᠷᠤᠭ᠎ᠠ ᠪᠠᠶᠢᠯᠳᠤᠬᠴᠢᠳ ᠤᠨ | ᠢᠲᠡᠭᠡᠯ ᠪᠠ ᠬᠦᠰᠡᠯ ᠡᠷᠡᠮᠡᠯᠵᠡᠯ ᠢ ᠬᠤᠪᠢ ᠲᠠᠬᠢᠨ ᠨᠠᠨᠳᠢᠩᠨᠠᠵᠤ᠂ ᠴᠢᠭᠯᠡᠯ ᠢ ᠬᠠᠮᠢᠶᠠᠷᠴᠤ᠂ ᠶᠡᠭᠡ ᠶᠠᠪᠤᠳᠠᠯ ᠢ ᠠᠳᠬᠤᠵᠤ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰᠢᠶᠠᠯ ᠳᠠᠭᠠᠨ ᠲᠡᠩᠴᠡᠭᠰᠡᠨ ᠨᠢᠭᠡᠳᠦᠭᠡᠷ ᠱᠦᠵᠢ ᠪᠣᠯᠬᠤ ᠪᠠᠷ ᠴᠢᠷᠮᠠᠶᠢᠨ᠎ᠠ᠄ | ᠨᠢᠭᠡ ᠳᠤ᠂ ᠲᠠᠨᠢᠯᠲᠠ ᠪᠠᠨ ᠴᠢᠩᠭᠠᠳᠬᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠴᠢᠭᠯᠡᠯ ᠢ | ᠪᠠᠲᠤ ᠡᠵᠡᠮᠳᠡᠬᠦ ᠬᠡᠷᠡᠭᠲᠡᠢ︔ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠡᠪᠰᠡᠭᠲᠦ ᠬᠦᠴᠦᠨ ᠢ | ᠨᠠᠮ ᠬᠠᠮᠢᠶᠠᠷᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ︔ | ᠭᠤᠷᠪᠠ ᠳᠤ᠂ ᠪᠠᠲᠤᠯᠠᠭ᠎ᠠ ᠶᠢ ᠴᠢᠩᠭᠠᠳᠬᠠᠵᠤ᠂ ᠹᠧᠩᠵᠧᠨ ᠬᠤᠲᠠ ᠶᠢᠨ ᠵᠡᠪᠰᠡᠭᠲᠦ ᠬᠦᠴᠦᠨ ᠤ ᠠᠵᠢᠯ ᠤᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠶ ᠭᠡᠪᠡ᠃ | ᠸᠠᠩ ᠵᠧᠨ ᠬᠠᠢ ᠪᠠᠰᠠ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠰᠢᠨ᠎ᠡ ᠠᠵᠢᠯ ᠤᠨ ᠪᠠᠶᠢᠷᠢ ᠳᠡᠭᠡᠷ᠎ᠡ᠂ ᠪᠦᠬᠦ | ᠰᠡᠳᠬᠢᠯ ᠪᠦᠬᠦ ᠵᠣᠷᠢᠭ ᠢᠶᠠᠷ ᠪᠦᠬᠦ ᠬᠦᠴᠦ ᠪᠠᠨ ᠰᠢᠪᠬᠠᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠦᠭᠡᠷ ᠱᠦᠵᠢ ᠶᠢᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠥᠬᠦᠳ ᠲᠠᠢ ᠬᠠᠮᠲᠤ ᠪᠠᠷ ᠥᠷᠢᠰᠥᠯᠳᠦᠭᠡᠨ ᠢ ᠬᠦᠯᠢᠶᠡᠨ ᠠᠪᠴᠤ᠂ | ᠠᠵᠠ ᠲᠣᠬᠢᠶᠠᠯ ᠢ ᠡᠵᠡᠮᠳᠡᠵᠦ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠲᠠᠯ᠎ᠠ ᠶᠢᠨ ᠪᠠᠶᠢᠭᠤᠯᠤᠯᠳᠠ ᠶᠢ | ᠬᠦᠴᠦᠯᠡᠨ ᠠᠬᠢᠭᠤᠯᠵᠤ᠂ ᠮᠠᠨ ᠤ ᠬᠤᠳᠠ ᠶᠢᠨ ᠵᠡᠪᠰᠡᠭᠲᠦ ᠬᠦᠴᠦᠨ ᠤ ᠠᠵᠢᠯ ᠢ ᠨᠠᠮ ᠬᠠᠮᠢᠶᠠᠷᠬᠤ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠴᠦ᠂ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ᠂ ᠲᠠᠷᠤᠭ᠎ᠠ ᠶᠢᠨ ᠢᠲᠡᠭᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ | ᠪᠠᠶᠢᠯᠳᠤᠭᠴᠢᠳ ᠤᠨ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠢᠯᠡᠳᠬᠡᠪᠡ᠃ | ᠭᠦᠸᠧ ᠰᠢᠶᠤᠤ ᠮᠢᠨ ᠶᠠᠷᠢᠶᠠᠨ ᠳᠠᠭᠠᠨ᠄ ᠣᠶᠢᠷ᠎ᠠ ᠶᠢᠨ ᠵᠢᠯ ᠳᠤ᠂ ᠹᠧᠩᠵᠧᠨ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠠᠵᠤ | ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ | ᠵᠣᠬᠢᠴᠠᠩᠭᠤᠶ ᠪᠥᠭᠡᠳ ᠦᠷᠭᠦᠯᠵᠢᠯᠡᠨ ᠬᠥᠭᠵᠢᠬᠦ ᠶᠢ ᠪᠡᠶᠡᠯᠡᠭᠦᠯᠵᠦ᠂ ᠪᠥᠬᠦ ᠬᠤᠲᠠ ᠶᠢᠨ ᠠᠩᠬᠠᠷᠤᠯ ᠢ ᠲᠠᠲᠠᠭᠰᠠᠨ | ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠂ ᠡᠨᠡ ᠨᠢ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠪᠣᠯᠤᠨ ᠪᠥᠬᠦ ᠬᠤᠲᠠ ᠶᠢᠨ ᠠᠷᠠᠳ ᠣᠯᠠᠨ ᠤ ᠳᠡᠮᠵᠢᠯᠭᠡ ᠲᠠᠢ ᠰᠠᠯᠤᠰᠢ ᠥᠬᠡᠶ ᠬᠤᠯᠪᠣᠭ᠎ᠠ ᠲᠠᠢ | ᠶᠤᠮ᠃ ᠸᠠᠩ ᠱᠦᠵᠢ ᠹᠧᠩᠵᠧᠨ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ | ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠤ ᠳᠠᠷᠠᠭ᠎ᠠ᠂ ᠯᠠᠪᠲᠠᠶ ᠣᠯᠠᠨ ᠢ ᠪᠦᠯᠬᠦᠮᠳᠡᠭᠦᠯᠦᠨ ᠳᠠᠭᠠᠭᠤᠯᠵᠤ | ᠠᠮᠵᠢᠯᠳᠠ ᠪᠦᠲᠦᠮᠵᠢ ᠪᠠᠨ ᠪᠠᠲᠤᠳᠬᠠᠵᠤ᠂ ᠰᠢᠨ᠎ᠡ ᠶᠢ ᠡᠭᠦᠳᠦᠨ ᠬᠥᠭᠵᠢᠭᠦᠯᠵᠦ᠂ ᠹᠧᠩᠵᠧᠨ ᠬᠤᠲᠠ ᠶᠢᠨ ᠵᠡᠪᠰᠡᠭᠲᠦ | ᠬᠦᠴᠦᠨ ᠤ ᠠᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠪᠤᠢ ᠪᠣᠯᠭᠠᠵᠤ ᠴᠢᠳᠠᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ ᠬᠡᠵᠦ ᠵᠢᠭᠠᠨ ᠭᠠᠷᠭᠠᠪᠠ᠃ | | ᠬᠤᠶᠢᠰᠢᠳᠠ ᠶᠢᠨ ᠠᠵᠢᠯ ᠤᠨ ᠲᠤᠬᠠᠢ ᠭᠦᠸᠧ ᠰᠢᠶᠤᠤ ᠮᠢᠨ᠄ ᠨᠢᠭᠡ ᠳᠤ᠂ ᠰᠠᠨᠠᠭᠠᠴᠢᠯᠠᠭ᠎ᠠ ᠠᠴᠠ ᠪᠠᠨ ᠮᠦᠷᠳᠡᠨ | ᠲᠠᠭᠠᠵᠦ᠂ ᠵᠡᠪᠰᠡᠭᠲᠦ ᠬᠦᠴᠦᠨ ᠢ ᠨᠠᠮ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠬᠦᠴᠦ ᠲᠠᠯᠪᠢᠨ | ᠴᠢᠩᠭᠠᠳᠬᠠᠬᠤ ᠬᠡᠷᠡᠭᠲᠡᠢ︔ ᠬᠤᠶᠠᠷ ᠲᠤ᠂ ᠭᠤᠣᠯ ᠬᠠᠷᠢᠭᠤᠴᠠᠯᠭ᠎ᠠ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ | ᠂ ᠵᠡᠪᠰᠡᠭᠲᠦ ᠬᠦᠴᠦᠨ ᠢ ᠨᠠᠮ ᠬᠠᠮᠢᠶᠠᠷᠬᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ | ᠭᠤᠷᠪᠠ ᠳᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠨᠠᠮ ᠤᠨ ᠵᠡᠪᠰᠡᠭᠳᠦ | ᠬᠦᠴᠦᠨ ᠢ ᠬᠠᠮᠢᠶᠠᠷᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠪᠦᠬᠦ ᠬᠦᠴᠦᠨ ᠢᠶᠠᠷ ᠢᠶᠠᠨ ᠴᠤᠤᠷᠢᠶᠠᠲᠤᠭᠤᠯᠬᠤ ᠬᠡᠷᠡᠭᠲᠡᠢ | ︔ ᠲᠦᠷᠪᠡ ᠳᠤ᠂ ᠵᠠᠷᠴᠢᠮ ᠲᠦᠷᠢᠮ ᠢ ᠪᠠᠷᠢᠮᠲᠠᠯᠠᠵᠤ᠂ ᠵᠡᠪᠰᠡᠭᠲᠦ ᠬᠦᠴᠦᠨ ᠢ ᠨᠠᠮ ᠬᠠᠮᠢᠶᠠᠷᠬᠤ ᠴᠣ᠋ ᠰᠢᠨ᠎ᠡ ᠪᠠᠶᠢᠳᠠᠯ ᠢ | ᠬᠦᠴᠦ ᠪᠠᠨ ᠬᠠᠮᠲᠤᠳᠬᠠᠨ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠹᠧᠩᠵᠧᠨ ᠬᠤᠲᠠ ᠶᠢᠨ ᠴᠡᠷᠢᠭ ᠠᠩᠭᠢ ᠪᠠ | ᠣᠷᠣᠨ ᠨᠤᠲᠤᠭ ᠤᠨ ᠡᠯ᠎ᠡ ᠱᠠᠲᠤᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠰᠢᠯᠭᠠᠨ ᠦᠨᠡᠯᠡᠬᠦ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠶ ᠠᠬᠢᠭᠤᠯᠬᠤ ᠶᠢ ᠬᠦᠰᠡᠵᠦ ᠪᠠᠶᠢᠬᠤ ᠶᠢᠨ ᠬᠠᠮᠳᠤ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠹᠧᠩᠵᠧᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳ ᠤᠨ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠡᠬᠦᠷᠭᠡ ᠬᠦᠯᠢᠶᠡᠨ ᠠᠪᠴᠤ᠂ | ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠢ ᠰᠠᠶᠢᠲᠤᠷ ᠬᠢᠵᠦ ᠪᠤᠳᠠᠳᠠᠢ ᠬᠢᠬᠦ ᠬᠡᠷᠡᠭᠲᠡᠶ ᠭᠡᠵᠦ ᠱᠠᠭᠠᠷᠳᠠᠪᠠ᠃ | | | ᠸᠠᠩ ᠵᠧᠨ ᠪᠥᠸᠧ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠳᠠ ᠪᠤᠯᠤᠨ | ᠴᠡᠷᠢᠭ ᠠᠩᠬᠢ ᠶᠢᠨ ᠪᠠᠶᠢᠭᠤᠯᠤᠯᠲᠠ ᠶᠢᠨ 2020 ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ | ᠤᠯᠬᠤ ᠪᠣᠭᠤᠮᠲᠠ ᠰᠢᠪᠲᠤᠯᠬᠤ ᠵᠢᠯ ᠪᠣᠯᠤᠨ᠎ᠠ᠃ ᠡᠭᠦᠷᠭᠡ ᠬᠠᠲᠠᠭᠤ ᠪᠡᠷᠬᠡ᠂ ᠡᠭᠦᠷᠭᠡ ᠦᠩᠭᠡ ᠭᠡᠷᠡᠯᠲᠡᠢ ᠪᠣᠯᠬᠤᠷ ᠪᠦᠬᠦ | ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠦᠴᠦᠨ ᠢᠶᠠᠷ ᠢᠶᠠᠨ ᠴᠢᠷᠮᠠᠶᠢᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠬᠡᠷᠡᠭᠲᠡᠢ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠠᠢᠨ ᠳᠤ ᠪᠡᠯᠡᠳᠭᠡᠵᠦ ᠪᠠᠶᠢᠯᠳᠤᠭᠠᠨ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠵᠣᠷᠢᠭᠲᠠᠶ ᠪᠠᠷ ᠰᠢᠨ᠎ᠡ ᠶᠢ ᠡᠭᠦᠳᠴᠦ ᠰᠢᠪᠳᠤᠯᠤᠯᠳᠠ ᠬᠢᠵᠦ᠂ ᠬᠥᠭᠦᠷᠭᠡ ᠬᠤᠯᠪᠣᠭᠠᠰᠤ ᠪᠣᠯᠵᠣ᠂ | ᠰᠠᠭᠤᠭ᠎ᠠ ᠭᠠᠵᠠᠷ ᠤᠨ ᠪᠥᠬᠦ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠡᠷᠴᠢ ᠵᠣᠷᠢᠭ ᠢᠶᠠᠨ ᠬᠥᠪᠴᠢᠯᠡᠵᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠥᠬᠦ ᠬᠤᠲᠠ ᠶᠢᠨ ᠠᠷᠠᠳ ᠲᠦᠮᠡᠨ ᠲᠠᠢ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠬᠦ ᠪᠣᠯᠤᠨ᠎ᠠ ᠬᠡᠵᠦ ᠢᠯᠡᠳᠭᠡᠪᠡ᠃ | ᠤᠷᠴᠢᠭᠤᠯᠤᠬᠴᠢ᠄ ᠼᠦᠢ ᠶᠢᠩ |