ᠹᠧᠩᠵᠧᠨ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠨᠡᠶᠢᠭᠡᠮ ᠤᠨ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠤᠭᠰᠠᠨ ᠪᠠᠶᠢᠳᠠᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2020-03-04
   ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠹᠧᠩᠵᠧᠨ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠠᠵᠤ ᠠᠬᠤᠶᠢᠯᠠᠯ᠂ ᠬᠤᠪᠢ ᠬᠦᠮᠦᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠢ ᠬᠠᠯᠠᠮᠵᠢᠯᠠᠨ ᠳᠡᠮᠵᠢᠪᠡ᠃ 3 ᠰᠠᠷ᠎ᠠ ᠶᠢᠨ 2 ᠤᠨ ᠡᠳᠦᠷ ᠤᠨ 17 ᠴᠠᠭ ᠪᠣᠯᠲᠠᠯ᠎ᠠ᠂ ᠹᠧᠩᠵᠧᠨ ᠬᠤᠲᠠ ᠶᠢᠨ ᠤᠯᠠᠭᠠᠨ ᠵᠠᠭᠠᠯᠮᠠᠢᠲᠠᠨ ᠨᠡᠶᠢᠭᠡᠮ ᠤᠨ ᠡᠯ᠎ᠡ ᠡᠲᠡᠭᠡᠳ ᠤᠨ ᠬᠠᠨᠳᠢᠪᠯᠠᠭᠰᠠᠨ ᠵᠣᠭᠤᠰ 1278096.6 ᠲᠥᠭᠦᠷᠢᠭ ᠢ ᠬᠦᠯᠢᠶᠡᠨ ᠠᠪᠴᠠᠶ᠃    ᠹᠧᠩᠵᠧᠨ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︕ ᠪᠢᠳᠡ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠬᠠᠨᠳᠢᠪᠯᠠᠨ ᠬᠦᠷᠭᠡᠬᠦ ᠰᠠᠨᠠᠮᠵᠢ ᠶᠤᠰᠤᠭᠠᠷ᠂ ᠪᠤᠶᠠᠨ ᠤ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢᠲᠤ ᠠᠵᠤ ᠠᠬᠤᠶᠢᠯᠠᠯ ᠪᠠ ᠬᠠᠶᠢᠷ᠎ᠠ ᠬᠠᠯᠠᠮᠵᠢᠲᠤ ᠬᠥᠮᠦᠰ ᠲᠤ ᠦᠢᠯᠡᠴᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠡᠳᠦᠭᠡ ᠪᠡᠯᠡᠭᠯᠡᠨ ᠬᠦᠷᠭᠡᠭᠰᠡᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄                ᠹᠧᠩᠵᠧᠨ ᠬᠤᠲᠠ ᠶᠢᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠦᠰ᠂ ᠱᠠᠰᠢᠨ ᠰᠤᠷᠳᠠᠬᠤᠨ ᠤ ᠡᠲᠡᠭᠡᠳ ᠤᠨ ᠬᠠᠨᠳᠢᠪᠯᠠᠭᠰᠠᠨ ᠵᠣᠭᠤᠰ ᠤᠨ ᠨᠡᠷᠡᠰ                                               ᠤᠷᠴᠢᠭᠤᠯᠤᠬᠴᠢ᠄   ᠼᠦᠢ ᠶᠢᠩ  
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3