| | 2 ᠰᠠᠷ᠎ᠠ ᠶᠢᠨ 25 ᠤ ᠡᠳᠤᠷ᠂ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠥᠭᠤᠳᠬᠤ ᠭᠠᠵᠠᠷ ᠬᠤᠷᠢ ᠶᠢᠰᠥᠳᠥᠭᠡᠷ ᠤᠳᠠᠭ᠎ᠠ | ᠶᠢᠨ ᠰᠤᠨᠢᠨ ᠮᠡᠳᠡᠭᠡ ᠨᠡᠶᠢᠳᠠᠯᠠᠬᠦ ᠬᠤᠷᠠᠯ ᠬᠤᠷᠠᠯᠳᠤᠵᠠᠢ᠃ ᠬᠤᠷᠠᠯ ᠲᠡᠭᠡᠷ᠎ᠠ᠂ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ ᠥᠪᠡᠷᠲᠡᠭᠡᠨ ᠵᠠᠰᠠᠬᠤ ᠣᠷᠣᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠭᠡᠨᠡᠳᠳᠡ ᠡᠭᠦᠰᠬᠦ ᠤᠯᠠᠨ ᠨᠡᠶᠢᠳᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠠᠵᠢᠯᠯᠠᠭ᠎ᠠ ᠶᠢᠨ ᠲᠡᠰ ᠢ ᠦᠪᠡᠷᠳᠡᠭᠡᠨ ᠵᠠᠰᠠᠬᠤ ᠤᠷᠤᠨ ᠤ ᠲᠠᠰ ᠤᠨ ᠨᠢᠭᠡᠳᠦᠭᠡᠷ | ᠲᠠᠰ ᠠᠴᠠ ᠭᠤᠷᠪᠠᠳᠤᠭᠠᠷ ᠲᠠᠰ ᠪᠤᠯᠭᠠᠨ ᠲᠤᠬᠢᠷᠠᠭᠤᠯᠤᠭᠰᠠᠨ ᠲᠤᠬᠠᠢ ᠮᠡᠳᠡᠭᠳᠡᠵᠤ᠂ 2020 ᠣᠨ ᠤ 2 | ᠰᠠᠷ᠎ᠠ ᠶᠢᠨ 25 ᠤ ᠡᠳᠦᠷ ᠤᠨ 24 ᠴᠠᠭ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠭᠡᠨᠡᠳᠲᠡ ᠡᠭᠦᠰᠬᠦ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ | ᠭᠤᠷᠪᠠᠳᠤᠭᠠᠷ ᠲᠠᠰ ᠤᠨ ᠠᠵᠢᠯᠯᠠᠭ᠎ᠠ ᠪᠤᠯᠭᠠᠨ ᠲᠣᠬᠢᠷᠠᠭᠤᠯᠬᠤ ᠪᠠᠷ ᠲᠣᠭᠲᠠᠭᠠᠵᠥ᠂ ᠨᠠᠷᠢᠨ ᠠᠭᠤᠯᠭ᠎ᠠ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠠ ᠪᠠᠷ ᠳᠠᠮᠵᠢᠭᠤᠯᠤᠨ ᠨᠡᠶᠢᠲᠡᠯᠡᠨ᠎ᠡ | ᠬᠡᠵᠡᠢ᠃ | ᠦᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ᠨᠠᠷᠢᠨ ᠨᠢᠭᠲᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠲᠡᠷᠡ ᠳᠠᠷᠤᠶ ᠳᠤᠨᠢ ᠪᠠᠶᠢᠷᠢᠯᠠᠭᠤᠯᠪᠠ᠃ ᠡᠨᠡ ᠵᠢᠯ ᠤᠨ 1 ᠰᠠᠷ᠎ᠠ ᠶᠢᠨ 24 ᠤ ᠡᠳᠦᠷ᠂ ᠮᠠᠨ ᠤ ᠣᠷᠣᠨ | ᠠᠩᠬᠠᠳᠠᠭᠴᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠪᠥᠬᠦ ᠤᠯᠤᠰ ᠤᠨ ᠬᠢᠵᠢᠭ ᠤᠨ ᠪᠠᠶᠢᠳᠠᠯ | ᠤᠨ ᠳᠡᠯᠭᠡᠷᠡᠬᠦ ᠪᠠᠶᠢᠳᠠᠯ ᠢ ᠭᠦᠢᠴᠡᠳ ᠰᠤᠳᠤᠯᠤᠨ ᠮᠠᠭᠠᠳᠯᠠᠭᠰᠠᠨ ᠤ ᠳᠠᠷᠠᠭ᠎ᠠ᠂ 1 ᠰᠠᠷ᠎ᠠ ᠶᠢᠨ 25 ᠤ ᠡᠳᠤᠷ | ᠥᠪᠡᠷᠲᠡᠭᠡᠨ ᠵᠠᠰᠠᠬᠤ ᠣᠷᠣᠨ ᠬᠥᠨᠲᠥ ᠶᠡᠭᠡ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ᠠᠯᠢ ᠣᠯᠠᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠬᠢᠵᠢᠭ ᠤᠨ ᠪᠠᠶᠢᠳᠠᠯ ᠳᠤ ᠶᠡᠭᠡ | ᠬᠡᠪᠴᠢᠶ᠎ᠡ ᠪᠠᠷ ᠳᠡᠯᠭᠡᠷᠡᠬᠦ ᠪᠠ ᠨᠡᠶᠢᠭᠡᠮ ᠲᠣᠭᠤᠷᠢᠭ ᠲᠤ ᠳᠡᠯᠭᠡᠷᠡᠬᠦ ᠪᠠᠶᠢᠳᠠᠯ ᠭᠠᠷᠤᠭᠰᠠᠨ ᠥᠬᠡᠶ᠂ ᠰᠡᠷᠭᠡᠶᠢᠯᠡᠨ | ᠡᠵᠡᠮᠳᠡᠬᠦ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠱᠠᠲᠤᠴᠢ ᠴᠢᠨᠠᠷᠲᠠᠶ | ᠦᠷ᠎ᠡ ᠪᠦᠲᠦᠮᠵᠢ ᠣᠯᠤᠭᠰᠠᠨ ᠪᠠᠶᠢᠨ᠎ᠠ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ | ᠬᠡᠷᠡᠭᠵᠢᠭᠦᠯᠵᠦ ᠣᠷᠣᠨ ᠬᠤᠪᠢᠶᠠᠨ ᠱᠠᠲᠤ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠵᠤ᠂ ᠡᠯ᠎ᠡ ᠮᠤᠵᠢ ︵ᠬᠤᠲᠠ᠂ ᠥᠪᠡᠷᠲᠡᠭᠡᠨ ᠵᠠᠰᠠᠬᠤ ᠣᠷᠣᠨ︶ ᠨᠤᠭᠤᠳ ᠪᠣᠳᠠᠲᠤ ᠪᠠᠶᠢᠳᠠᠯ ᠢᠶᠠᠨ | ᠦᠨᠳᠦᠰᠦᠯᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠴᠢᠮ ᠪᠠᠶᠢᠳᠠᠯ ᠢ ᠠᠷᠭᠠᠴᠠᠭᠠᠬᠤ ᠨᠢᠬᠡᠳᠤᠭᠡᠷ ᠲᠠᠰ ᠤᠨ ᠠᠵᠢᠯᠯᠠᠭ᠎ᠠ ᠳᠤ ᠲᠣᠬᠢᠷᠠᠭᠤᠯᠤᠯᠲᠠ ᠬᠢᠬᠦ ᠬᠡᠷᠡᠭᠲᠡᠶ ᠭᠡᠵᠦ | ᠱᠠᠭᠠᠷᠳᠠᠪᠠ᠃ ᠪᠢᠴᠢᠭ ᠮᠠᠲ᠋ᠧᠷᠢᠶᠠᠯ ᠢ ᠪᠠᠭᠤᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠣᠳᠣᠬᠠᠨ ᠤ ᠬᠢᠵᠢᠭ ᠤᠨ | ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠪᠠ ᠨᠠᠷᠢᠨ ᠬᠢᠨᠠᠮᠠᠭᠠᠶ ᠰᠤᠳᠤᠯᠤᠨ ᠮᠠᠭᠠᠳᠯᠠᠯᠲᠠ ᠬᠢᠭᠰᠡᠨ | ᠪᠠᠶᠢᠨ᠎ᠠ᠃ | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | |