| — — ᠶᠣᠣ ᡁᠢ ᠵᠢᠶᠧ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠬᠢᠨᠠᠨ | ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠡ | 2 ᠰᠠᠷ᠎ᠠ ᠶᠢᠨ 26 ᠤ ᠡᠳᠦᠷ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | ᠤᠨ ᠳᠡᠳ᠋ ᠶᠡᠷᠦᠩᠬᠡᠶ ᠵᠢᠯᠣᠭᠤᠳᠣᠭᠴᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ ᠪᠥᠬᠦ | ᠬᠤᠲᠠ ᠶᠢᠨ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠴᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠨ | ᠰᠤᠳᠤᠯᠪᠠ᠃ | | ᠸᠧᠨᠵᠸᠤ ᠵᠡᠭᠡᠯᠢ ᠶᠢᠨ ᠬᠡᠰᠡᠭ ᠬᠤᠳᠠᠯᠳᠤᠭᠠᠨ ᠤ ᠳᠡᠯᠭᠡᠭᠦᠷ ᠲᠤ᠂ ᠶᠣᠣ ᡁᠢ ᠵᠢᠶᠧ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠬᠤᠳᠠᠯᠳᠤᠨ ᠠᠪᠤᠬᠴᠢᠳ ᠤᠨ ᠲᠤᠭ᠎ᠠ ᠬᠡᠮᠵᠢᠶ᠎ᠡ ᠪᠠ | ᠪᠤᠷᠣᠯᠠᠭᠤᠯᠤᠯᠲᠠ ᠶᠢᠨ ᠬᠡᠮᠵᠢᠶ᠎ᠡ ᠵᠡᠷᠭᠡ ᠪᠠᠶᠢᠳᠠᠯ ᠢ ᠨᠠᠷᠢᠨ ᠤᠶᠢᠯᠠᠭᠠᠬᠰᠠᠨ ᠪᠠ ᠳᠡᠯᠭᠡᠭᠦᠷ ᠬᠡᠳᠦ᠋ᠢᠪᠡᠷ ᠡᠵᠡᠩᠨᠡᠯᠲᠡ ᠪᠠᠨ | ᠰᠡᠷᠭᠦᠭᠡᠭᠰᠡᠨ ᠪᠣᠯᠪᠠᠴᠤ ᠣᠨᠴᠠᠭᠠᠶ ᠴᠠᠭ ᠦᠶ᠎ᠡ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠭᠰᠠᠨ ᠤ | ᠬᠤᠪᠢ ᠳᠤ᠂ ᠶᠠᠭᠠᠬᠢᠭᠰᠠᠨ ᠴᠤ ᠲᠠᠶᠢᠪᠤᠰᠢᠷᠠᠵᠤ ᠪᠣᠯᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠦ᠂ ᠡᠭᠦᠳᠡᠨ ᠪᠠᠷᠢᠭᠤᠯ᠂ ᠡᠭᠦᠳᠡᠨ ᠡᠮᠦᠨᠡᠬᠢ ᠣᠷᠣᠨ ᠪᠦᠰᠡ | ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠷᠢᠭᠤᠳᠬᠠᠬᠤ ᠳᠠᠪᠲᠠᠮᠵᠢ ᠶᠢᠨ ᠤᠳᠠᠭ᠎ᠠ ᠶᠢ ᠴᠢᠩᠭᠠᠳᠬᠠᠵᠤ᠂ ᠰᠡᠷᠭᠡᠶᠢᠯᠡᠨ | ᠡᠵᠡᠮᠳᠡᠬᠦ ᠴᠤᠪᠤᠷᠠᠯ ᠢ ᠴᠢᠩᠭ᠎ᠠ ᠵᠢᠷᠤᠮᠵᠢᠭᠤᠯᠵᠦ᠂ ᠬᠥᠮᠦᠰ ᠬᠤᠷᠠᠵᠤ ᠴᠤᠭᠯᠠᠷᠠᠬᠤ ᠠᠴᠠ ᠵᠠᠶᠢᠯᠠᠰᠬᠢᠵᠦ᠂ ᠦᠢᠯᠡᠳᠪᠦᠷᠢᠯᠡᠯ | ᠡᠵᠡᠩᠨᠡᠯᠲᠡ ᠶᠢᠨ ᠡᠮᠬᠢ ᠵᠢᠷᠤᠮ ᠢ ᠰᠡᠷᠭᠦᠭᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ ᠬᠡᠵᠦ ᠵᠢᠭᠠᠨ ᠭᠠᠷᠭᠠᠪᠠ᠃ | ᠨᠢᠭᠡᠨ ᠠᠯᠲᠠᠨ ᠤ ᠳᠡᠯᠭᠡᠭᠦᠷ ᠲᠤ᠂ ᠶᠣᠣ ᡁᠢ ᠵᠢᠶᠧ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ | ᠬᠡᠷᠡᠭᠰᠡᠯ ᠵᠢᠴᠢ ᠤᠰᠠᠳᠬᠠᠭᠰᠠᠨ ᠪᠦᠷᠢᠳᠬᠡᠯ ᠤᠨ ᠬᠦᠰᠦᠨᠦᠭᠲᠦ ᠶᠢ ᠪᠠᠶᠢᠴᠠᠭᠠᠨ ᠦᠵᠡᠭᠰᠡᠨ ᠮᠦᠷᠳᠡᠭᠡᠨ ᠪᠠᠰᠠ ᠡᠷᠡᠬᠦᠯ | ᠬᠠᠮᠠᠭᠠᠯᠠᠯ ᠡᠷᠡᠬᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠬᠤᠳᠠᠯᠳᠤᠭᠠᠨ ᠤ ᠡᠷᠦᠬᠡ ᠶᠢ ᠰᠢᠮᠳᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ᠂ ᠳᠡᠯᠭᠡᠭᠦᠷ ᠤᠨ ᠳᠣᠲᠣᠷᠠᠬᠢ | ᠠᠷᠢᠭᠤᠨ ᠴᠡᠪᠡᠷ ᠢ ᠬᠠᠮᠠᠭᠠᠯᠠᠨ ᠠᠷᠢᠭᠤᠳᠬᠠᠬᠤ᠂ ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ ᠵᠢᠴᠢ ᠣᠷᠣᠵᠤ ᠭᠠᠷᠬᠤ | ᠬᠥᠮᠦᠰ ᠤᠨ ᠺᠣᠳ᠋ ᠰᠢᠷᠪᠢᠵᠦ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ | ᠬᠤᠳᠠᠯᠳᠤᠭᠠᠨ ᠤ ᠳᠡᠯᠭᠡᠭᠦᠷ ᠤᠨ ᠡᠵᠡᠩᠨᠡᠭᠴᠢᠳ ᠲᠤ ᠢᠳᠬᠠᠨ ᠰᠤᠷᠭᠠᠬᠤ ᠪᠠ ᠣᠷᠣᠵᠤ ᠭᠠᠷᠬᠤ ᠬᠥᠮᠦᠰ ᠲᠤ ᠠᠮᠠᠪᠴᠢ | ᠵᠡᠭᠦᠯᠭᠡᠵᠦ᠂ ᠬᠡᠷᠡᠭᠯᠡᠭᠴᠢᠳ ᠲᠤ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠶ᠃ | | ᠨᠢᠭᠡᠨ ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ ᠭᠠᠵᠠᠷ᠂ ᠶᠣᠣ ᡁᠢ ᠵᠢᠶᠧ ᠲᠠᠯᠠᠪᠤᠷ ᠤᠨ ᠤᠰᠠᠳᠤᠯ᠂ ᠡᠭᠦᠳᠡᠨ | ᠳᠡᠯᠭᠡᠭᠦᠷ ᠠᠵᠢᠯ ᠢᠶᠠᠨ ᠡᠬᠢᠯᠡᠬᠦᠯᠬᠦ᠂ ᠪᠠᠷᠠᠭ᠎ᠠ ᠬᠠᠩᠭᠠᠵᠤ ᠲᠤᠬᠢᠷᠠᠭᠤᠯᠤᠨ ᠬᠦᠷᠭᠡᠬᠦ ᠵᠢᠴᠢ ᠲᠠᠸᠠᠷ ᠤᠨ ᠪᠣᠷᠣᠯᠠᠭᠤᠯᠭ᠎ᠠ ᠵᠡᠷᠭᠡ | ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠪᠠᠰᠠ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ | ᠱᠠᠭᠠᠷᠳᠠᠯᠭ᠎ᠠ ᠪᠠᠷ ᠠᠵᠢᠯᠲᠠᠨ ᠠᠵᠢᠯᠴᠢᠨ ᠤ ᠡᠩᠨᠡᠭᠡ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠵᠢᠯᠲᠠᠨ ᠢ | ᠵᠢᠭᠰᠠᠭᠠᠨ ᠪᠠᠶᠢᠴᠠᠭᠠᠬᠤ᠂ ᠤᠷᠤᠵᠦ ᠭᠠᠷᠬᠤ ᠶᠢ ᠬᠠᠮᠢᠶᠠᠷᠤᠨ ᠡᠵᠡᠮᠳᠡᠬᠦ᠂ ᠡᠷᠡᠭᠦᠯ ᠬᠠᠮᠠᠭᠠᠯᠠᠯ ᠢ ᠡᠷᠬᠢᠮᠯᠡᠬᠦ ᠵᠡᠷᠭᠡ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠶᠢ ᠠᠳᠬᠤᠬᠤ᠂ ᠬᠤᠶᠠᠷ ᠲᠠᠯ᠎ᠠ ᠶᠢ ᠴᠢᠩᠭ᠎ᠠ ᠠᠳᠬᠤᠬᠤ ᠶᠢ ᠦᠨᠡᠨᠬᠦ | ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃ | ᠬᠡᠰᠡᠭ ᠢᠳᠡᠰᠢᠨ ᠨᠣᠭᠤᠭᠠᠨ ᠤ ᠫᠦᠰᠡ᠂ ᠮᠢᠬᠠᠨ ᠫᠦᠰᠡᠨ ᠳᠤ ᠶᠣᠣ ᡁᠢ ᠵᠢᠶᠧ ᠵᠢᠭᠠᠵᠤ ᠭᠠᠷᠭᠠᠭᠰᠠᠨ ᠨᠢ᠂ | ᠡᠶᠢᠮᠦᠷᠬᠦ ᠬᠤᠳᠠᠯᠳᠤᠭᠠᠨ ᠤ ᠫᠦᠰᠡᠨ ᠳᠤ ᠬᠥᠮᠦᠨ ᠣᠯᠠᠨ ᠴᠤᠭᠯᠠᠷᠠᠬᠤ ᠦᠵᠡᠭᠳᠡᠯ ᠠᠮᠠᠷᠬᠠᠨ ᠭᠠᠷᠴᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠣᠷᠣᠨ ᠪᠦᠰᠡ ᠪᠣᠯᠤᠨ᠎ᠠ᠃ ᠺᠣᠳ᠋ ᠰᠢᠷᠪᠢᠨ ᠣᠷᠣᠵᠤ ᠭᠠᠷᠬᠤ | ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠤᠬᠠᠭᠤᠯᠬᠤ ᠵᠡᠷᠭᠡ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠢ ᠰᠠᠨᠠᠭ᠎ᠠ ᠠᠮᠤᠷ᠂ ᠠᠮᠤᠷ ᠲᠦᠪᠰᠢᠨ ᠢᠶᠠᠷ ᠪᠠᠷᠠᠭ᠎ᠠ | ᠬᠤᠳᠠᠯᠳᠤᠨ ᠠᠪᠴᠤ᠂ ᠰᠣᠯᠪᠢᠴᠠᠨ ᠬᠠᠯᠳᠠᠪᠤᠷᠢᠯᠠᠬᠤ ᠶᠢ ᠬᠠᠮᠤᠭ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃ | | ᠶᠣᠣ ᡁᠢ ᠵᠢᠶᠧ ᠬᠡᠰᠡᠭ ᠦᠰᠦ ᠵᠠᠰᠠᠬᠤ ᠭᠠᠵᠠᠷ ᠲᠤ᠂ ᠦᠰᠦ ᠵᠠᠰᠠᠬᠤ ᠪᠠᠭᠠᠵᠢ ᠬᠡᠷᠡᠭᠰᠡᠯ᠂ ᠠᠯᠴᠢᠭᠤᠷ ᠵᠡᠷᠭᠡ | ᠬᠡᠷᠡᠭᠰᠡᠯ ᠢ ᠲᠣᠭᠲᠠᠭᠠᠯ ᠶᠣᠰᠣᠭᠠᠷ ᠠᠷᠢᠭᠤᠳᠬᠠᠬᠤ ᠬᠡᠷᠡᠭᠲᠡᠶ᠂ ᠥᠷᠥᠭᠡᠨ ᠳᠣᠲᠣᠷ᠎ᠠ ᠰᠠᠯᠬᠢ ᠨᠡᠪᠲᠡᠷᠡᠭᠦᠯᠦᠨ ᠠᠭᠠᠷ | ᠰᠣᠯᠢᠬᠤ ᠶᠢ ᠠᠩᠬᠠᠷᠬᠤ ᠶᠢᠨ ᠬᠠᠮᠲᠤ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠬᠡᠵᠦ | ᠴᠢᠬᠤᠯᠠᠴᠢᠯᠠᠪᠠ᠃ | | ᠬᠡᠰᠡᠭ ᠨᠣᠭᠤᠭ᠎ᠠ ᠶᠢᠨ ᠵᠠᠬ᠎ᠠ ᠳᠡᠯᠭᠡᠭᠦᠷ ᠲᠤ᠂ ᠶᠣᠣ ᡁᠢ ᠵᠢᠶᠧ ᠬᠠᠮᠢᠶ᠎ᠠ ᠪᠥᠬᠦᠶ ᠪᠠᠶᠢᠳᠠᠯ ᠢ ᠨᠠᠷᠢᠨ ᠤᠶᠢᠯᠠᠭᠠᠵᠦ᠂ | ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠷᠴᠢᠨ | ᠲᠣᠭᠤᠷᠢᠨ ᠤ ᠠᠷᠢᠭᠤᠨ ᠴᠡᠪᠡᠷ᠂ ᠣᠷᠣᠨ ᠪᠦᠰᠡ ᠶᠢᠨ ᠤᠰᠠᠳᠤᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠲᠡᠷᠡ ᠴᠢᠬᠤᠯᠠᠴᠢᠯᠠᠭᠰᠠᠨ ᠨᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ ᠬᠤᠲᠠ ᠶᠢᠨ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠪᠠᠲᠤᠯᠠᠭᠰᠠᠨ ᠪᠠᠶᠢᠳᠠᠯ ᠳᠣᠤᠷ᠎ᠠ᠂ ᠬᠤᠳᠠᠯᠳᠤᠭᠠᠨ ᠤ ᠳᠡᠯᠭᠡᠭᠦᠷ ᠢ ᠬᠠᠪᠰᠤᠷᠤᠨ ᠵᠠᠷᠢᠮ | ᠬᠡᠷᠡᠭᠴᠡᠭᠡ ᠪᠦᠬᠦᠢ ᠰᠡᠷᠭᠡᠶᠢᠯᠡᠨ ᠡᠵᠡᠮᠳᠡᠬᠦ ᠡᠳ᠋ ᠪᠣᠳᠠᠰ᠂ ᠵᠢᠱᠢᠶᠡᠯᠡᠪᠡᠯ ᠠᠷᠢᠭᠤᠳᠬᠠᠬᠤ ᠰᠢᠩᠭᠡᠨ ᠵᠡᠷᠭᠡ ᠡᠳ᠋ ᠪᠣᠳᠠᠰ ᠢ | ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ᠂ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠰᠡᠷᠭᠦᠭᠡᠬᠦ ᠳᠤ ᠦᠨᠡᠨᠬᠦ ︽ᠲᠦᠷᠭᠡᠨ ᠣᠷᠣᠭᠤᠯᠬᠤ | ᠳᠠᠷᠤᠪᠴᠢ︾ ᠶᠢ ᠳᠠᠷᠤᠬᠤ ᠬᠡᠷᠡᠭᠲᠡᠶ᠃ | ᠤᠷᠴᠢᠭᠤᠯᠤᠬᠴᠢ᠄ ᠼᠦᠢ ᠶᠢᠩ |