| ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠡᠬᠢᠯᠡᠭᠰᠡᠨ ᠪᠠ ᠰᠢᠨ᠎ᠠ ᠬᠡᠯᠪᠡᠷᠢ ᠶᠢᠨ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠱᠠᠳᠤ ᠳᠤ ᠪᠠᠶᠢᠨ᠎ᠠ᠃ 3 ᠰᠠᠷ᠎ᠠ ᠶᠢᠨ | 5 ᠤ ᠡᠳᠦᠷ᠂ ᠹᠧᠩᠵᠧᠨ ᠬᠤᠲᠠ 2020 ᠣᠨ ᠤ ᠪᠠᠩᠬᠢ ᠪᠠ ᠠᠵᠤ ᠠᠬᠤᠶᠢᠯᠠᠯ ᠢ ᠵᠤᠯᠭᠠᠭᠤᠯᠤᠨ ᠲᠦᠪᠯᠡᠷᠡᠭᠦᠯᠵᠦ | ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢ ᠥᠷᠨᠢᠭᠦᠯᠦᠭᠰᠡᠨ | ᠵᠣᠷᠢᠯᠭ᠎ᠠ ᠪᠣᠯ ᠹᠧᠩᠵᠧᠨ ᠬᠤᠲᠠ ᠶᠢᠨ 2020 ᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠮᠥᠩᠭᠦᠨ | ᠬᠦᠢᠯᠭᠡᠭᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠢ ᠰᠡᠷᠭᠦᠭᠡᠬᠦ ᠶᠢ | ᠲᠦᠷᠭᠡᠳᠬᠡᠨ ᠠᠬᠢᠭᠤᠯᠬᠤ ᠶᠢᠨ ᠲᠥᠯᠥᠭᠡ ᠶᠤᠮ᠃ | | ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ | ᠵᠢᠶᠦ᠋ᠨ ᠶᠠᠭᠤᠨ ᠤ ᠤᠷᠢᠳ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠲᠣᠰ ᠤᠳᠠᠭᠠᠨ ᠤ | ᠶᠣᠰᠣᠯᠠᠯ ᠳᠤ ᠣᠷᠣᠯᠴᠠᠭᠰᠠᠨ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠢᠳᠡᠭᠡᠮᠵᠢᠳᠤ | ᠬᠤᠯᠪᠤᠭᠠᠳᠤ ᠬᠤᠷᠰᠢᠶ᠎ᠠ ᠵᠡᠷᠭᠡ 3 ᠮᠥᠩᠭᠦᠨ ᠬᠦᠢᠯᠭᠡᠭᠡᠨ ᠤ ᠪᠠᠶᠢᠭᠤᠯᠤᠮᠵᠢ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ᠂ ᠦᠷ᠎ᠡ ᠡᠵᠡᠩᠨᠡᠬᠦ ᠠᠵᠤ ᠠᠬᠤᠶᠢᠯᠠᠯ᠂ ᠲᠠᠷᠢᠮᠠᠯ ᠤᠨ ᠠᠵᠤ ᠠᠬᠤᠶᠢᠯᠠᠯ᠂ ᠲᠣᠮᠣ ᠡᠷᠦᠬᠡ ᠶᠢᠨ ᠨᠠᠶᠢᠵᠠ ᠨᠠᠷ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠬᠠᠪᠤᠷ ᠠᠴᠠ ᠨᠠᠰᠢ᠂ | ᠹᠧᠩᠵᠧᠨ ᠬᠤᠲᠠ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠣᠳᠣᠬᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ | ᠂ ᠢᠳᠡᠪᠬᠢᠲᠡᠶ ᠪᠠᠷ ᠲᠠᠷᠢᠶᠠᠯᠠᠩ ᠤᠨ ᠴᠠᠭ ᠢ ᠵᠠᠪᠳᠤᠨ᠂ ᠲᠠᠷᠢᠶᠠᠯᠠᠩ ᠤᠨ ᠬᠡᠷᠡᠭᠰᠡᠯ ᠢ ᠪᠡᠯᠡᠳᠭᠡᠵᠦ᠂ ᠦᠢᠯᠡᠴᠢᠯᠡᠭᠡ ᠶᠢ | ᠴᠢᠩᠭᠠᠳᠬᠠᠨ᠂ ᠪᠤᠯᠪᠠᠰᠤᠷᠠᠭᠤᠯᠤᠯ ᠢ ᠠᠳᠬᠤᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠶᠠᠭ ᠡᠮᠬᠢ | ᠵᠢᠷᠤᠮ ᠲᠠᠢ ᠠᠬᠢᠭᠤᠯᠤᠬᠳᠠᠵᠦ ᠪᠠᠶᠢᠨ᠎ᠠ᠃ ᠣᠳᠣᠬᠠᠨ ᠤ ᠪᠦᠷᠢᠳᠬᠡᠯ ᠠᠴᠠ ᠦᠵᠡᠪᠡᠯ᠂ ᠹᠧᠩᠵᠧᠨ ᠬᠤᠲᠠ ᠶᠢᠨ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠡᠯ᠎ᠡ ᠲᠥᠷᠥᠯ ᠤᠨ ᠪᠣᠷᠲᠣᠭᠤᠷ ᠬᠡᠷᠡᠭᠰᠡᠬᠦ ᠬᠡᠮᠵᠢᠶ᠎ᠡ 1.2 ᠲᠦᠮᠡᠨ ᠲᠣᠨ᠂ ᠰᠦᠯᠢᠶᠣᠣ | ᠪᠦᠷᠬᠦᠪᠴᠢ ᠶᠢᠨ ᠬᠡᠷᠡᠭᠰᠡᠬᠦ ᠬᠡᠮᠵᠢᠶ᠎ᠡ 1003 ᠲᠣᠨ᠂ ᠲᠠᠷᠢᠶᠠᠨ ᠡᠮ ᠤᠨ ᠬᠡᠷᠡᠭᠰᠡᠬᠦ ᠬᠡᠮᠵᠢᠶ᠎ᠡ 47 ᠲᠣᠨ᠂ ᠡᠯ᠎ᠡ | ᠲᠥᠷᠥᠯ ᠤᠨ ᠰᠠᠶᠢᠨ ᠡᠭᠦᠯᠳᠡᠷ ᠤᠨ ᠬᠡᠷᠡᠭᠰᠡᠬᠦ ᠬᠡᠮᠵᠢᠶ᠎ᠡ 1.27 ᠲᠦᠮᠡᠨ ᠲᠣᠨ ᠪᠠᠶᠢᠵᠦ᠂ ᠡᠳᠡᠭᠡᠷ ᠲᠠᠷᠢᠶᠠᠯᠠᠩ ᠤᠨ | ᠬᠡᠷᠡᠭᠰᠡᠯ ᠪᠠ ᠲᠠᠷᠢᠮᠠᠯ ᠤᠨ ᠦᠷ᠎ᠡ ᠴᠥᠮ ᠳᠤᠲᠠᠭᠳᠠᠵᠤ ᠪᠠᠶᠢᠬᠤ ᠪᠠᠶᠢᠳᠠᠯ ᠲᠠᠢ᠃ ᠬᠢᠵᠢᠭ ᠤᠨ ᠨᠥᠯᠥᠭᠡ ᠠᠴᠠ ᠪᠣᠯᠵᠤ᠂ | ᠵᠠᠷᠢᠮ ᠪᠣᠯᠪᠠᠰᠤᠷᠠᠭᠤᠯᠬᠤ ᠠᠵᠤ ᠠᠬᠤᠶᠢᠯᠠᠯ ᠪᠠᠰᠠ ᠠᠵᠢᠯ ᠢᠶᠠᠨ ᠰᠡᠷᠭᠦᠬᠡ ᠦᠭᠡᠢ᠂ ᠵᠠᠷᠢᠮ ᠠᠵᠤ ᠠᠬᠤᠶᠢᠯᠠᠯ ᠠᠵᠢᠯ ᠢᠶᠠᠨ | ᠰᠡᠷᠭᠦᠭᠡᠭᠰᠡᠨ ᠤ ᠳᠠᠷᠠᠭ᠎ᠠ ᠬᠡᠪ ᠤᠨ ᠦᠢᠯᠡᠳᠪᠦᠷᠢᠯᠡᠬᠦ ᠴᠢᠳᠠᠪᠦᠷᠢ ᠪᠠᠨ ᠰᠡᠷᠭᠦᠭᠡᠵᠦ ᠲᠡᠶᠢᠯᠦᠬᠡᠳᠦᠢ᠂ ᠵᠠᠷᠢᠮ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠨᠢ ᠠᠩᠬᠠᠨ ᠠᠴᠠ ᠪᠠᠨ ᠪᠠᠴᠢᠮ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ | ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ | ᠹᠧᠩᠵᠧᠨ ᠬᠤᠲᠠ ᠪᠠᠩᠬᠢ ᠪᠠ ᠠᠵᠤ ᠠᠬᠤᠶᠢᠯᠠᠯ ᠢ ᠵᠤᠯᠭᠠᠭᠤᠯᠤᠨ ᠲᠦᠪᠯᠡᠷᠡᠭᠦᠯᠵᠦ ᠭᠡᠷ᠎ᠡ ᠲᠣᠭᠲᠠᠬᠤ ᠶᠣᠰᠣᠯᠠᠯ ᠢ | ᠶᠠᠪᠤᠭᠤᠯᠵᠦ ᠪᠠᠶᠢᠭ᠎ᠠ ᠨᠢ ᠳᠠᠷᠤᠶ ᠪᠠᠯᠠ ᠲᠣᠬᠢᠷᠠᠭᠤᠯᠭ᠎ᠠ ᠶᠢᠨ ᠲᠠᠪᠴᠠᠩ ᠪᠠᠶᠢᠭᠤᠯᠬᠤ ᠪᠠᠷ ᠲᠠᠮᠵᠢᠭᠤᠯᠤᠨ᠂ ᠠᠵᠤ ᠠᠬᠤᠶᠢᠯᠠᠯ | ᠪᠠ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠪᠠᠯᠠ | ᠲᠣᠬᠢᠷᠠᠭᠤᠯᠭ᠎ᠠ ᠶᠢᠨ ᠵᠢᠭᠡᠯᠡᠯᠭᠡ ᠪᠠᠷ ᠳᠠᠮᠵᠢᠭᠤᠯᠤᠨ᠂ ᠡᠯ᠎ᠡ ᠲᠥᠷᠥᠯ ᠤᠨ ᠪᠠᠷᠠᠭᠠᠨ ᠤ ᠢᠷᠡᠯᠲᠡ ᠪᠠ ᠰᠢᠯᠵᠢᠭᠦᠯᠦᠨ | ᠲᠡᠭᠡᠭᠡᠪᠦᠷᠢᠯᠡᠬᠦ ᠪᠠᠷᠠᠭ᠎ᠠ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠦᠷ᠎ᠡ ᠶᠢ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠬᠠᠩᠭᠠᠬᠤ ᠶᠢ ᠪᠠᠲᠤᠯᠠᠵᠤ᠂ ᠬᠠᠪᠤᠷ ᠤᠨ | ᠲᠠᠷᠢᠶᠠᠯᠠᠭ᠎ᠠ ᠳᠤ ᠪᠡᠯᠡᠳᠭᠡᠯ ᠬᠢᠬᠦ ᠶᠠᠪᠤᠳᠠᠯ ᠪᠣᠯᠤᠨ᠎ᠠ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠣᠯᠭᠠᠭᠤᠯᠬᠤ ᠬᠤᠷᠠᠯ ᠳᠡᠭᠡᠷ᠎ᠡ᠂ ᠡᠯ᠎ᠡ ᠪᠠᠩᠬᠢ ᠶᠢᠨ ᠪᠠᠶᠢᠭᠤᠯᠭ᠎ᠠ ᠲᠣᠰ | ᠲᠣᠰ ᠥᠪᠥᠷ ᠮᠣᠩᠭᠤᠯ ᠤᠨ ᠴᠢᠩ ᠴᠢᠩ ᠼᠤᠤ ᠶᠤᠸᠠᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠹᠧᠩᠵᠧᠨ ᠬᠤᠲᠠ ᠶᠢᠨ ᠯᠢ ᠲᠢᠶᠠᠨ ᠲᠡᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠲᠤᠰᠬᠠᠶ ᠬᠤᠷᠰᠢᠶ᠎ᠠ᠂ ᠹᠧᠩᠵᠧᠨ ᠬᠤᠲᠠ ᠶᠢᠨ ᠵᠢᠤᠢ ᠪᠦᠦ ᠵᠤᠸᠠᠩ ᠶᠠᠩ ᠰᠦ ᠫᠢᠩ ᠲᠠᠷᠢᠶᠠᠯᠠᠩ ᠤᠨ | ᠬᠡᠷᠡᠭᠰᠡᠯ ᠤᠨ ᠳᠡᠯᠭᠡᠭᠦᠷ ᠵᠡᠷᠭᠡ 114 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠦᠷ᠎ᠡ ᠲᠠᠷᠢᠵᠤ ᠡᠵᠡᠩᠨᠡᠬᠦ | ᠠᠵᠤ ᠠᠬᠤᠶᠢᠯᠠᠯ᠂ ᠲᠠᠷᠢᠮᠠᠯ ᠤᠨ ᠠᠵᠤ ᠠᠬᠤᠶᠢᠯᠠᠯ᠂ ᠲᠣᠮᠣ ᠡᠷᠦᠬᠡ ᠬᠠᠮᠳᠤᠷᠠᠯᠴᠠᠭᠠᠨ ᠤ ᠬᠡᠯᠡᠯᠴᠡᠭᠡᠷ ᠲᠣᠭᠲᠠᠵᠤ᠂ | 5160 ᠲᠦᠮᠡᠨ ᠲᠥᠭᠦᠷᠢᠭ ᠤᠨ ᠵᠢᠭᠡᠯᠡᠯᠭᠡ ᠶᠢᠨ ᠰᠠᠨᠠᠮᠵᠢ ᠲᠠᠢ ᠪᠤᠯᠵᠦ᠂ ᠡᠨᠡ ᠨᠢ ᠡᠯ᠎ᠡ ᠲᠥᠷᠥᠯ ᠤᠨ ᠲᠠᠷᠢᠶᠠᠯᠠᠩ ᠤᠨ | ᠬᠡᠷᠡᠭᠰᠡᠯ ᠢ ᠰᠢᠯᠵᠢᠭᠦᠯᠦᠨ ᠵᠥᠭᠡᠭᠡᠪᠦᠷᠢᠯᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ | ᠤᠷᠴᠢᠭᠤᠯᠤᠬᠴᠢ᠄ ᠼᠦᠢ ᠶᠢᠩ |