| — ᠲᠠᠯᠠᠨ ᠨᠠᠰᠤᠲᠠᠢ ᠠᠬᠠᠮᠠᠳ ᠨᠠᠮ ᠤᠨ ᠭᠡᠰᠢᠭᠦᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ | ᠵᠤᠭᠤᠰ ᠬᠠᠨᠳᠢᠪᠯᠠᠪᠠ | 《ᠬᠠᠮᠢᠭ᠎ᠠ ᠠᠴᠠ ᠵᠣᠭᠤᠰ ᠬᠠᠨᠳᠢᠪᠯᠠᠵᠤ ᠪᠣᠯᠬᠤ ᠪᠤᠢ︖ ᠪᠢ ᠵᠢᠭᠠᠬᠠᠨ ᠵᠣᠭᠤᠰ ᠬᠠᠨᠳᠢᠪᠯᠠᠬᠤ ᠰᠠᠨᠠᠭ᠎ᠠ ᠲᠠᠢ᠂ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠲᠡᠮᠵᠢᠶ᠎ᠡ 》᠃ 3 ᠰᠠᠷ᠎ᠠ ᠶᠢᠨ 2 ᠤᠨ ᠡᠳᠦᠷ ᠤᠨ ᠥᠷᠯᠥᠭᠡ | ᠡᠷᠲᠡ᠂ ᠨᠢᠭᠡᠨ ᠪᠣᠷᠣᠭᠵᠢᠭᠤᠨ ᠨᠠᠰᠤᠲᠠᠨ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠲᠤ ᠬᠦᠷᠴᠦ᠂ ᠬᠠᠭᠤᠴᠢᠨ ᠡᠪ ᠬᠠᠮᠲᠤ ᠨᠠᠮ ᠤᠨ ᠭᠡᠰᠢᠭᠦᠨ ᠤ ᠭᠡᠷᠡᠴᠢ ᠭᠠᠷᠭᠠᠵᠤ᠂ ᠬᠢᠵᠢᠭ ᠤᠨ ᠪᠠᠶᠢᠳᠠᠯ ᠢ | ᠡᠰᠡᠷᠭᠦᠴᠡᠬᠦ ᠳᠤ ᠵᠣᠭᠤᠰ ᠬᠠᠨᠳᠢᠪᠯᠠᠬᠤ ᠭᠡᠵᠦ ᠪᠠᠶᠢᠭ᠎ᠠ ᠪᠠᠨ ᠮᠡᠳᠡᠭᠳᠡᠪᠡ᠃ ᠨᠠᠷᠢᠨ ᠯᠠᠪᠯᠠᠬᠰᠠᠨ ᠢᠶᠠᠷ᠂ ᠨᠠᠰᠤᠲᠠᠨ ᠤ | ᠨᠡᠷ᠎ᠡ ᠨᠢ ᠵᠠᠩ ᠬᠤᠸᠠᠨ ᠰᠢᠶᠠᠩ᠂ ᠹᠧᠩᠵᠧᠨ ᠬᠤᠲᠠ ᠶᠢᠨ ᠵᠢᠤᠢ ᠪᠦᠦ ᠵᠤᠸᠠᠩ ᠪᠠᠯᠭᠠᠰᠤᠨ ᠤ ᠫᠦ ᠯᠦ ᠲᠣᠰᠬᠤᠨ ᠤ | ᠨᠠᠮ ᠤᠨ ᠡᠭᠦᠷ ᠠᠴᠠ ᠢᠷᠡᠭᠰᠡᠨ᠂ ᠳᠠᠯ᠎ᠠ ᠭᠠᠷᠤᠭᠰᠠᠨ᠂ ᠨᠠᠮ ᠤᠨ ᠨᠠᠰᠤ ᠨᠢ 20 ᠭᠠᠷᠤᠶ ᠵᠢᠯ ᠪᠣᠯᠤᠭᠰᠠᠨ ᠠᠬᠠᠮᠠᠳ | ᠨᠠᠮ ᠤᠨ ᠭᠡᠰᠢᠭᠦᠨ ᠮᠥᠨ ᠭᠡᠳᠡᠭ ᠢ ᠮᠡᠳᠡᠪᠡ᠃ | | ᠵᠠᠩ ᠬᠤᠸᠠᠨ ᠰᠢᠶᠠᠩ ᠨᠠᠰᠤᠲᠠᠨ ᠤ ᠭᠡᠷ ᠪᠦᠯᠢ ᠶᠢᠨ ᠨᠥᠬᠦᠴᠡᠯ ᠨᠢ ᠲᠡᠶᠢᠮᠦ ᠰᠠᠶᠢᠨ ᠪᠢᠰᠢ᠂ ᠤᠯᠠᠨ ᠵᠢᠯ ᠤᠨ | ᠲᠤᠷᠰᠢ ᠶᠡᠬᠡᠳᠡ ᠠᠷᠪᠢᠴᠢ ᠭᠠᠮᠲᠠᠢ᠂ ᠠᠮᠢᠳᠤᠷᠠᠯ ᠤᠨ ᠵᠠᠷᠤᠯᠭ᠎ᠠ ᠶᠢᠨ ᠲᠠᠯ᠎ᠠ ᠪᠠᠷ ᠠᠯᠢ ᠴᠢᠳᠠᠬᠤ ᠪᠠᠷ ᠠᠷᠪᠢᠯᠠᠳᠠᠭ ᠪᠤᠯᠪᠠᠴᠤ | ᠂ ᠨᠠᠮ ᠤᠨ ᠦᠢᠯᠡᠰ ᠪᠣᠯᠤᠨ ᠨᠡᠶᠢᠭᠡᠮ ᠨᠡᠶᠢᠲᠡ ᠶᠢᠨ ᠠᠰᠠᠷᠠᠮᠵᠢ ᠶᠢᠨ ᠲᠠᠯ᠎ᠠ ᠪᠠᠷ ᠬᠠᠷᠢᠨ ᠮᠠᠰᠢ ᠭᠠᠷ ᠶᠡᠭᠡᠳᠡᠢ ᠪᠠᠶᠢᠳᠠᠭ᠃ | 《ᠪᠢ ᠪᠣᠯ ᠨᠢᠭᠡᠨ ᠠᠬᠠᠮᠠᠳ ᠨᠠᠮ ᠤᠨ ᠭᠡᠰᠢᠭᠦᠨ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠬᠠᠷᠠᠭᠠᠯᠵᠠᠯ ᠢ | ᠣᠯᠤᠭᠰᠠᠭᠠᠷ ᠢᠷᠡᠵᠡᠢ᠂ ᠨᠠᠰᠤ ᠠᠬᠢᠭᠠᠳ ᠶᠠᠭᠤ ᠬᠢᠵᠦ ᠳᠡᠶᠢᠯᠬᠦ ᠪᠠᠨ ᠮᠡᠳᠡᠬᠦ ᠥᠬᠡᠶ ᠴᠦ ᠪᠢ ᠥᠪᠡᠷ ᠤᠨ ᠥᠴᠦᠬᠡᠨ | ᠬᠦᠴᠦ ᠪᠠᠨ ᠰᠢᠪᠬᠠᠵᠤ᠂ ᠤᠯᠤᠰ ᠣᠷᠣᠨ ᠳᠠᠭᠠᠨ ᠪᠠᠰᠠ ᠵᠢᠭᠠᠬᠠᠨ ᠬᠤᠪᠢ ᠨᠡᠮᠡᠷᠢ ᠪᠤᠯᠤᠶ᠎ᠠ ᠭᠡᠰᠡᠨ ᠶᠤᠮ︕ 》ᠡᠭᠡᠯ | ᠪᠣᠷᠣᠭᠵᠢᠭᠤᠨ ᠦᠭᠡ ᠶᠠᠷᠢᠶ᠎ᠠ ᠨᠢ ᠨᠠᠰᠤᠳᠠᠨ ᠤ ᠬᠡᠬᠦᠳᠡᠭ ᠳᠦᠭᠦᠷᠡᠩ ᠬᠠᠶᠢᠷ᠎ᠠ ᠰᠡᠳᠬᠢᠯᠭᠡ ᠶᠢ ᠢᠯᠡᠷᠡᠬᠦᠯᠵᠦ᠂ | ᠦᠲᠡᠯᠦᠭᠰᠡᠨ ᠴᠢᠷᠠᠶ ᠨᠢ ᠭᠠᠯ ᠤᠯᠠᠭᠠᠨ ᠨᠠᠮ ᠤᠨ ᠲᠤᠭ ᠤᠨ ᠳᠣᠤᠷ᠎ᠠ ᠭᠡᠷᠡᠯ ᠲᠤᠰᠤᠨ᠎ᠠ᠃ ᠨᠠᠰᠤᠲᠠᠨ 500 ᠲᠥᠭᠦᠷᠢᠭ | ᠵᠤᠭᠤᠰ ᠢᠶᠠᠨ ᠵᠣᠬᠢᠶᠠᠨ ᠪᠠᠶᠢᠭᠤᠯᠬᠤ ᠬᠡᠯᠲᠡᠰ ᠤᠨ ᠠᠵᠢᠯᠲᠠᠳ ᠲᠤ ᠲᠥᠪ ᠴᠢᠩᠭ᠎ᠠ ᠪᠠᠷ ᠲᠤᠰᠢᠶᠠᠪᠠ᠃ | ᠣᠶᠢᠯᠠᠭᠠᠭᠰᠠᠨ ᠢᠶᠠᠷ᠂ ᠡᠨᠡ 500 ᠲᠥᠭᠦᠷᠢᠭ ᠪᠣᠯ ᠨᠠᠰᠤᠲᠠᠨ ᠤ ᠨᠢᠭᠡ ᠰᠠᠷ᠎ᠠ ᠶᠢᠨ ᠥᠨᠳᠥᠷ ᠨᠠᠰᠤᠨ ᠤ ᠨᠥᠬᠦᠪᠥᠷᠢ ᠪᠠ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠪᠠᠶᠢᠵᠦ᠂ ᠪᠠᠩᠬᠢ ᠠᠴᠠ ᠭᠠᠷᠭᠠᠨ ᠠᠪᠤᠮᠠᠬᠴᠠ ᠵᠣᠬᠢᠶᠠᠨ | ᠪᠠᠶᠢᠭᠤᠯᠬᠤ ᠬᠡᠯᠲᠡᠰ ᠲᠤ ᠰᠢᠭᠤᠳ ᠬᠦᠷᠭᠡᠨ ᠢᠷᠡᠭᠰᠡᠨ ᠪᠠᠶᠢᠨ᠎ᠠ᠃ | ᠬᠢᠵᠢᠭ ᠤᠨ ᠪᠠᠶᠢᠳᠠᠯ ᠬᠠᠶᠢᠷ᠎ᠠ ᠰᠡᠳᠬᠢᠯᠭᠡ ᠦᠭᠡᠢ ᠴᠤ ᠬᠥᠮᠦᠨ ᠬᠠᠶᠢᠷ᠎ᠠ ᠰᠡᠳᠬᠢᠯᠭᠡ ᠲᠠᠢ᠃ ᠵᠠᠩ ᠬᠤᠸᠠᠨ | ᠰᠢᠶᠠᠩ ᠨᠠᠰᠤᠲᠠᠨ ᠤ ᠰᠠᠶᠢᠨ ᠬᠦᠮᠦᠨ ᠤ ᠰᠠᠶᠢᠨ ᠶᠠᠪᠤᠳᠠᠯ ᠨᠢ ᠠᠬᠠᠮᠠᠳ ᠨᠠᠮ ᠤᠨ ᠭᠡᠰᠢᠭᠦᠨ ᠤ ᠤᠯᠠᠨ ᠲᠦᠮᠡᠨ ᠲᠠᠢ | ᠰᠡᠳᠬᠢᠯ ᠵᠢᠷᠦᠬᠡ ᠪᠠᠨ ᠬᠤᠯᠪᠣᠵᠤ᠂ ᠨᠡᠶᠢᠭᠡᠮ ᠳᠤ ᠦᠢᠯᠡᠴᠢᠯᠡᠵᠦ ᠪᠠᠶᠢᠭ᠎ᠠ ᠭᠦᠨ ᠵᠤᠵᠠᠭᠠᠨ ᠬᠠᠶᠢᠷ᠎ᠠ ᠰᠡᠳᠬᠢᠯᠭᠡ ᠪᠠᠶᠢᠵᠤ᠂ | ᠠᠬᠠᠮᠠᠳ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠡᠭᠦᠷᠭᠡᠯᠡᠯ ᠢ ᠢᠯᠡᠷᠡᠭᠦᠯᠵᠦ᠂ ᠪᠤᠰᠤᠳ ᠨᠠᠮ ᠤᠨ ᠭᠡᠰᠢᠭᠦᠨ ᠳᠤ ᠰᠠᠶᠢᠨ | ᠰᠠᠶᠢᠬᠠᠨ ᠦᠯᠢᠭᠡᠷ ᠳᠠᠭᠤᠷᠢᠶᠠᠯ ᠪᠤᠯᠵᠤ᠂ ᠨᠢᠭᠡᠨ ᠡᠪ ᠬᠠᠮᠲᠤ ᠨᠠᠮ ᠤᠨ ᠭᠡᠰᠢᠭᠦᠨ ᠤ ᠶᠡᠭᠡ ᠬᠠᠶᠢᠷ᠎ᠠ ᠪᠠ ᠬᠠᠶᠢᠷ᠎ᠠ | ᠰᠡᠳᠬᠢᠯᠭᠡ ᠶᠢ ᠬᠦᠢᠴᠡᠳ ᠢᠯᠡᠷᠡᠭᠦᠯᠪᠡ᠃ | ᠤᠷᠴᠢᠭᠤᠯᠤᠬᠴᠢ᠄ ᠼᠦᠢ ᠶᠢᠩ |