| 3 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠠᠭᠤᠴᠢᠨ ᠬᠤᠲᠠ ᠲᠣᠭᠤᠷᠢᠭ ᠤᠨ ᠵᠡᠭᠡᠯᠢ | ᠭᠤᠳᠤᠮᠵᠢ ᠭᠤᠤᠯ ᠳᠤᠭᠤᠶᠢᠯᠠᠩ ᠤᠨ ᠤᠨᠤᠯ ᠰᠤᠷᠤᠯᠴᠠᠬᠤ ︵ᠥᠷᠭᠡᠳᠬᠡᠭᠰᠡᠨ︶ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢᠶᠠᠷ ᠰᠢᠨ᠎ᠡ ᠬᠡᠯᠪᠡᠷᠢ ᠶᠢᠨ ᠲᠢᠲᠢᠮᠲᠦ ᠸᠢᠷᠦ᠋ᠰ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠢ ᠰᠤᠳᠤᠯᠬᠤ ᠦᠶ᠎ᠡ ᠶᠢᠨ ᠶᠠᠷᠢᠶᠠᠨ ᠤ | ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠵᠤ᠂ ᠲᠣᠰ ᠤᠳᠠᠭᠠᠨ ᠤ ᠬᠤᠷᠠᠯ ᠳᠤ ᠣᠷᠣᠯᠴᠠᠭᠰᠠᠳ ᠲᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ᠂ | ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ ᠠᠵᠢᠯᠴᠢᠨ ᠣᠷᠣᠯᠴᠠᠪᠠ᠃ | ᠨᠠᠮ ᠤᠨ ᠠᠵᠢᠯᠯᠠᠬᠤ ᠬᠤᠷᠢᠶᠠᠨ ᠤ ᠱᠦᠵᠢ ᠢᠦᠢ ᠴᠦᠨ ᠹᠧᠩ ᠬᠤᠷᠠᠯ ᠢ ᠡᠷᠬᠢᠯᠡᠪᠡ᠃ | ᠢᠦᠢ ᠴᠦᠨ ᠹᠧᠩ ᠨᠥᠬᠦᠷ ᠪᠦᠬᠦ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠶᠡᠷᠦᠩᠬᠡᠢ ᠱᠦᠵᠢ ᠰᠢ ᠶᠢᠨ | ᠫᠢᠩ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ | ᠰᠢᠨ᠎ᠡ ᠬᠡᠯᠪᠡᠷᠢ ᠶᠢᠨ ᠲᠢᠲᠢᠮᠲᠦ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ | ᠠᠵᠢᠯ ᠢ ᠰᠤᠳᠤᠯᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ᠃ ᠡᠭᠦᠨ ᠤ ᠬᠠᠮᠲᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠬᠡᠯᠪᠡᠷᠢ ᠶᠢᠨ ᠲᠢᠲᠢᠮᠲᠦ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠴᠢᠯᠠᠨ | ᠦᠵᠡᠵᠦ᠂ ᠶᠡᠷᠦᠩᠬᠡᠶ ᠱᠦᠵᠢ ᠰᠢ ᠶᠢᠨ ᠫᠢᠩ ᠲᠤᠰᠬᠠᠶᠢᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ | ᠪᠢᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ | ᠬᠠᠩᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ | ᠬᠠᠯᠠᠮᠵᠢᠯᠠᠯ ᠢ ᠬᠦᠢᠴᠡᠳ ᠬᠠᠷᠠᠭᠤᠯᠪᠠ᠃ ᠪᠢᠳᠡ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠤᠷᠴᠡ ᠠᠴᠠ ᠦᠵᠡᠯ | ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠦᠵᠡᠯ ᠰᠠᠨᠠᠭ᠎ᠠ ᠶᠢ ᠪᠠᠲᠤ | ᠪᠣᠶ ᠪᠣᠯᠭᠠᠵᠤ᠂ ᠡᠷᠡᠰ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠷᠢᠨ ᠨᠢᠭᠲᠠ ᠳᠣᠭᠢᠷᠠᠭᠤᠯᠤᠨ | ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ | ᠰᠠᠶᠢᠲᠤᠷ ᠠᠳᠬᠤᠬᠤ ᠬᠡᠷᠡᠭᠲᠡᠶ᠃ | ᠤᠷᠴᠢᠭᠤᠯᠤᠬᠴᠢ᠄ ᠼᠦᠢ ᠶᠢᠩ | |