| | | 4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠲᠠ ᠶᠢᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠲᠤᠮᠳᠠ ᠤᠰᠤᠨ ᠤ ᠰᠢᠢᠳᠪᠦᠷᠢᠯᠡᠬᠦ ᠦᠢᠯᠡᠳᠪᠦᠷᠢ ᠵᠢᠴᠢ ᠬᠡᠰᠡᠭ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠲᠠ ᠶᠢᠨ ᠠᠵᠤ | ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠵᠢᠴᠢ ᠪᠣᠬᠢᠷ ᠤᠰᠤ᠂ ᠲᠤᠮᠳᠠ ᠤᠰᠦᠨ ᠤ ᠴᠢᠨᠠᠷ ᠢ | ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠣᠶᠢᠯᠠᠭᠠᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠬᠤᠩ | ᠭᠤᠸᠠᠩ᠂ ᠹᠯᠣᠷᠲᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠹᠦ᠋ ᠵᠢᠶᠦ᠋ᠨ ᠸᠧᠨ ᠪᠠᠷ᠎ᠠ ᠪᠣᠯᠵᠣ ᠪᠠᠶᠢᠴᠠᠭᠠᠪᠠ᠃ | | ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨᠲ᠋ᠤᠮᠳᠠ ᠤᠰᠦᠨ ᠤ ᠴᠢᠨᠠᠷ ᠢ ᠰᠢᠢᠳᠪᠦᠷᠢᠯᠡᠬᠦ | ᠦᠢᠯᠡᠳᠪᠦᠷᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᠵᠧᠨ ᠬᠠᠶ ᠬᠤᠶᠠᠷ ᠰᠢᠢᠳᠪᠦᠷᠢᠯᠡᠬᠦ ᠦᠢᠯᠡᠳᠪᠦᠷᠢ ᠶᠢᠨ | ᠲᠥᠯᠥᠪᠵᠢᠭᠦᠯᠭᠡ ᠪᠠᠶᠢᠷᠢᠯᠠᠭᠤᠯᠤᠯᠲᠠ ᠪᠠ ᠰᠢᠢᠳᠪᠦᠷᠢᠯᠡᠬᠦ ᠴᠢᠳᠠᠪᠤᠷᠢ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠵᠡᠷᠭᠡ ᠪᠠᠶᠢᠳᠠᠯ ᠢ ᠨᠠᠷᠢᠨ ᠤᠶᠢᠯᠠᠭᠠᠬᠰᠠᠨ ᠪᠠ ᠳᠠᠮᠵᠢᠭᠤᠯᠬᠤ ᠬᠤᠭᠤᠯᠠᠶ ᠶᠢ ᠵᠠᠯᠭᠠᠬᠤ᠂ ᠳᠡᠪᠢᠰᠬᠦ ᠠᠬᠢᠴᠠ ᠶᠢ ᠲᠦᠷᠭᠡᠳᠬᠡᠵᠦ | ᠂ ᠡᠯ ᠡ ᠲᠥᠷᠥᠯ ᠤᠨ ᠪᠣᠬᠢᠷ ᠤᠰᠤ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠪᠠᠷᠢᠮᠵᠢᠶ᠎ᠠ ᠳᠤ ᠬᠦᠷᠦᠭᠦᠯᠦᠨ | ᠭᠠᠳᠠᠬᠰᠢᠯᠠᠭᠤᠯᠵᠦ᠂ ᠡᠷᠭᠢᠯᠳᠦᠭᠦᠯᠦᠨ ᠬᠡᠷᠡᠭᠯᠡᠬᠦ ᠪᠠᠷ ᠴᠢᠷᠮᠠᠶᠢᠬᠤ ᠬᠡᠷᠡᠭᠲᠡᠶ ᠬᠡᠵᠦ ᠱᠠᠭᠠᠷᠳᠠᠪᠠ᠃ | | ᠹᠧᠩᠵᠧᠨ ᠬᠤᠲᠠ ᠶᠢᠨ ᠲᠦᠩ ᠱᠧᠩ ᠬᠤᠯᠢᠮᠠᠭ ᠲᠡᠮᠦᠷ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ ᠠᠶ | ᠹᠦ᠋ ᠸᠠᠨ ᠬᠤᠤ ᠹᠯᠣᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠩ ᠹᠧᠩ | ᠤᠨᠴᠠ ᠲᠥᠷᠥᠯ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠳᠤ᠂ ᠸᠠᠩ ᠵᠧᠨ ᠬᠠᠶ ᠬᠤᠯᠪᠣᠭᠳᠠᠯ ᠪᠥᠬᠦᠶ | ᠬᠠᠷᠢᠭᠤᠴᠠᠯᠭᠠᠳᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠡᠯ᠎ᠡ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠠᠷ ᠲᠠᠢ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠦᠢᠯᠡᠳᠪᠦᠷᠢᠯᠡᠯ ᠤᠨ | ᠤᠷ᠎ᠠ ᠮᠡᠷᠭᠡᠰᠢᠯ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠤᠨ ᠲᠤᠬᠠᠶ ᠰᠣᠯᠢᠯᠴᠠᠨ ᠶᠠᠷᠢᠯᠴᠠᠵᠤ᠂ ᠠᠵᠤ | ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠵᠢᠴᠢ ᠲᠥᠷᠥᠯ ᠵᠦᠢᠯ ᠢ | ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ᠂ ᠠᠵᠤ ᠠᠬᠤᠶᠢᠯᠠᠯ ᠬᠥᠭᠵᠢᠯᠲᠡ ᠶᠢᠨ ᠳᠤᠮᠳᠠ ᠦᠢᠯᠡᠳᠬᠦᠨ ᠤ ᠶᠠᠰᠤ | ᠴᠢᠨᠠᠷ ᠪᠣᠯᠤᠨ ᠠᠶᠤᠯᠭᠦᠢ ᠦᠢᠯᠡᠳᠪᠦᠷᠢᠯᠡᠯ ᠭᠡᠬᠦ ᠡᠨᠡ ᠬᠦ ᠭᠤᠣᠯᠳᠠᠯᠭ᠎ᠠ ᠶᠢᠨ ᠲᠣᠭᠤᠷᠢᠨ ᠳᠤ ᠯᠠᠪᠳᠠᠭᠤᠨ ᠢᠶᠠᠷ | ᠤᠷᠤᠭᠰᠢᠯᠠᠵᠤ᠂ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠷᠭᠡᠳᠬᠡᠨ ᠪᠠᠶᠢᠭᠤᠯᠬᠤ᠂ | ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ | ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠤᠷᠤᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠸᠠᠩ ᠵᠧᠨ ᠬᠠᠢ ᠱᠠᠭᠠᠷᠳᠠᠭᠰᠠᠨ ᠨᠢ᠂ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠪᠤᠳᠠᠳᠤ | ᠪᠠᠶᠢᠳᠠᠯ ᠳᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠤᠯᠠᠮᠵᠢᠯᠠᠯᠲᠤ ᠰᠡᠳᠭᠢᠴᠡ ᠶᠢᠨ | ᠠᠷᠭ᠎ᠠ ᠮᠠᠶ᠋ᠢᠭ ᠲᠤ ᠰᠢᠪᠲᠤᠯᠤᠯᠲᠠ ᠭᠠᠷᠭᠠᠵᠤ᠂ ᠠᠵᠢᠯ ᠤᠨ ᠰᠡᠳᠬᠢᠴᠡ ᠪᠣᠯᠤᠨ ᠠᠷᠭ᠎ᠠ ᠮᠠᠶ᠋ᠢᠭ ᠲᠤ ᠢᠳᠡᠪᠬᠢᠳᠡᠢ ᠰᠢᠨ᠎ᠡ ᠶᠢ | ᠡᠭᠦᠳᠴᠦ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠬᠦ ᠶᠢ ᠠᠬᠢᠭᠤᠯᠬᠤ ᠬᠡᠷᠡᠭᠲᠡᠢ︔ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠤᠨ ᠠᠵᠤ ᠠᠬᠤᠶᠢᠯᠠᠯ ᠤᠨ | ᠳᠣᠲᠣᠭᠠᠳᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢ ᠴᠢᠩᠭᠠᠳᠬᠠᠵᠤ᠂ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠠᠷᠦ᠋ᠢᠬᠠᠨ ᠬᠥᠳᠡᠯᠦᠯᠴᠡᠵᠦ | ᠂ ᠬᠦᠷᠢᠶᠡᠯᠡᠩ ᠲᠤᠭᠤᠷᠢᠭ ᠤᠨ ᠠᠵᠤ ᠠᠬᠤᠶᠢᠯᠠᠯ ᠵᠢᠷᠤᠮᠵᠢᠯ ᠦᠭᠡᠢ᠂ ᠠᠷᠢᠭᠤᠨ ᠴᠡᠪᠡᠷ ᠪᠤᠰᠤ ᠪᠠᠷᠠᠭ᠎ᠠ ᠶᠢᠨ ᠲᠡᠭᠡᠭᠡᠪᠦᠷᠢ ᠶᠢ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠠᠷᠢᠭᠤᠨ | ᠴᠡᠪᠡᠷ ᠤᠨ ᠪᠠᠶᠢᠳᠠᠯ ᠢ ᠰᠠᠶᠢᠵᠢᠷᠠᠭᠤᠯᠤᠨ᠂ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠳᠣᠲᠣᠭᠠᠳᠤ ᠣᠷᠴᠢᠨ | ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠥᠷᠨᠢᠭᠦᠯᠬᠦ ᠶᠢ ᠤᠯᠠᠮ ᠨᠢᠭᠡ ᠠᠯᠬᠤᠮ ᠰᠢᠮᠳᠠᠭᠤᠯᠵᠤ᠂ | ᠦᠢᠯᠡᠳᠪᠦᠷᠢᠯᠡᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ︔ ᠡᠯ᠎ᠡ ᠠᠵᠤ ᠠᠬᠤᠶᠢᠯᠠᠯ ᠤᠳ ᠠᠶᠤᠯ ᠦᠭᠡᠶ | ᠦᠢᠯᠡᠳᠪᠦᠷᠢᠯᠡᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠢ ᠤᠯᠤᠰ ᠪᠣᠯᠤᠨ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠦᠢᠯᠡᠳᠪᠦᠷᠢᠡᠯᠵᠦ᠂ ᠢᠳᠡᠪᠬᠢᠲᠡᠶ ᠪᠠᠷ ᠬᠥᠳᠡᠯᠦᠯᠴᠡᠵᠦ᠂ ᠬᠠᠮᠢᠶ᠎ᠠ | ᠪᠦᠬᠦᠢ ᠠᠵᠢᠯ ᠤᠨ ᠬᠠᠷᠠᠯᠲᠠ ᠪᠣᠯᠤᠨ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ | ᠤᠷᠴᠢᠭᠤᠯᠤᠬᠴᠢ᠄ ᠼᠦᠢ ᠶᠢᠩ |