| 4 ᠰᠠᠷ᠎ᠠ ᠶᠢᠨ 10 ᠤ ᠡᠳᠦᠷ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠦᠪᠦᠷ ᠮᠣᠩᠭᠤᠯ ᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠮᠠᠨ ᠤ ᠬᠤᠲᠠ ᠳᠤ ᠰᠠᠭᠤᠭ᠎ᠠ ᠶᠡᠷᠦᠩᠬᠡᠶ ᠠᠩᠭᠢ ᠶᠢᠨ ᠳᠠᠷᠤᠭ᠎ᠠ | ᠳ᠋ᠤᠸᠠᠨ ᠯᠢᠶᠠᠨ ᠤᠣ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠶ ᠴᠧᠩ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠨ ᠪᠢᠨ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠳ᠋ᠧᠩ ᠰᠢᠶᠣᠤ ᠯᠢ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠨᠡᠷ ᠬᠤᠷᠠᠯ ᠳᠤ ᠣᠷᠣᠯᠴᠠᠪᠠ᠃ | ᠸᠠᠩ ᠵᠧᠨ ᠬᠠᠢ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ ᠪᠣᠯᠤᠨ ᠬᠤᠳᠠ ᠶᠢᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠲᠤᠰ ᠲᠤᠰ ᠤᠨ ᠬᠠᠷᠢᠶ᠎ᠠ ᠣᠷᠣᠨ ᠤ ᠣᠳᠣᠬᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠭᠤᠣᠯ | ᠠᠰᠠᠭᠤᠳᠠᠯ ᠤᠨ ᠲᠤᠬᠠᠢ ᠨᠠᠷᠢᠨ ᠨᠢᠭᠲᠠ ᠬᠠᠷᠢᠭᠤ ᠮᠡᠳᠡᠭᠦᠯᠦᠯᠲᠡ ᠲᠣᠳᠣᠷᠬᠠᠶᠢᠯᠠᠯᠲᠠ ᠬᠢᠵᠡᠢ︔ ᠡᠮ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠳᠠ ᠶᠢᠨ ᠲᠣᠪᠴᠢᠶ᠎ᠠ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠨᠢᠭᠡᠴᠡ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠬᠤᠯᠪᠣᠭᠳᠠᠭᠰᠠᠨ ᠡᠮᠴᠢᠯᠡᠭᠡᠨ ᠤ ᠪᠠᠳᠤᠯᠠᠭ᠎ᠠ᠂ ᠣᠷᠣᠨ ᠰᠠᠭᠤᠴᠠ ᠶᠢᠨ | ᠪᠠᠲᠤᠯᠠᠭ᠎ᠠ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠡᠷᠭᠡ ᠠᠭᠤᠯᠭ᠎ᠠ ᠶᠢᠨ ᠲᠣᠭᠤᠷᠢᠨ ᠳᠤ ᠬᠠᠷᠢᠭᠤ | ᠮᠡᠳᠡᠭᠦᠯᠦᠯᠲᠡ ᠬᠢᠪᠠ᠃ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠵᠠᠩ ᠵᠢᠶᠦ᠋ᠨ ᠶᠠᠳᠠᠭᠤ ᠬᠦᠴᠢᠷᠳᠡᠯᠲᠡᠢ | ᠬᠥᠮᠦᠨ ᠠᠮᠠ ᠶᠢᠨ ᠤᠰᠤ ᠤᠮᠳᠠ᠂ ᠣᠷᠣᠨ ᠰᠠᠭᠤᠴᠠ ᠵᠢᠴᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠠᠰᠠᠭᠤᠳᠠᠯ ᠵᠡᠷᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠪᠣᠳᠠᠲᠠᠢ ᠶᠠᠪᠤᠳᠠᠯ ᠤᠨ | ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ︔ ᠸᠧᠨ ᠪᠢᠨ ᠲᠣᠰᠬᠤᠨ ᠳᠤ ᠰᠠᠭᠤᠭ᠎ᠠ ᠣᠨᠴᠠ ᠵᠠᠷᠢᠮ ᠠᠵᠢᠯᠯᠠᠬᠤ | ᠠᠩᠭᠢ ᠶᠢᠨ ᠠᠵᠢᠯ ᠤᠨ ᠰᠤᠷᠲᠠᠯ ᠤᠨ ᠲᠠᠯ᠎ᠠ ᠪᠠᠷ ᠤᠷᠤᠰᠢᠵᠦ ᠪᠠᠶᠢᠭ᠎ᠠ ᠠᠰᠠᠭᠤᠳᠠᠯ ᠤᠨ ᠲᠤᠬᠠᠶ ᠵᠠᠷᠯᠠᠨ ᠮᠡᠳᠡᠭᠳᠡᠭᠰᠡᠨ | ᠪᠥᠭᠡᠳ ᠴᠡᠭᠴᠡᠯᠡᠨ ᠰᠠᠶᠢᠵᠢᠷᠠᠭᠤᠯᠬᠤ ᠪᠣᠳᠠᠲᠠᠶ ᠱᠠᠭᠠᠷᠳᠠᠯᠭ᠎ᠠ ᠳᠤᠷᠠᠳᠪᠠ︔ ᠳ᠋ᠤᠸᠠᠨ ᠯᠢᠶᠠᠨ ᠤᠣ ᠡᠯ᠎ᠡ ᠰᠢᠶᠠᠩ ᠪᠠᠯᠭᠠᠰᠤ | ᠂ ᠲᠣᠰᠬᠤᠨ ᠤ ᠬᠤᠶᠠᠷ ᠵᠥᠪᠯᠡᠯ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠠᠬᠢᠭᠤᠯᠬᠤ ᠲᠤᠬᠠᠶ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃ | ᠸᠠᠩ ᠵᠧᠨ ᠬᠠᠢ ᠶᠠᠷᠢᠶᠠᠨ ᠳᠠᠭᠠᠨ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ | ᠨᠢᠭᠡᠨᠲᠡ ᠰᠢᠢᠳᠪᠦᠷᠢᠲᠦ ᠱᠠᠲᠤᠨ ᠳᠤ ᠣᠷᠣᠪᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠂ ᠡᠨᠡ ᠨᠢ ᠮᠠᠨ ᠤ ᠠᠵᠢᠯ ᠪᠣᠯᠬᠤ ᠪᠠᠷ ᠪᠠᠷᠠᠬᠤ ᠦᠭᠡᠢ᠂ ᠤᠯᠤᠰ | ᠲᠦᠷᠦ ᠶᠢᠨ ᠡᠭᠦᠷᠭᠡ᠂ ᠲᠡᠦᠬᠡᠲᠦ ᠡᠭᠦᠷᠭᠡ ᠪᠣᠯᠬᠤ ᠶᠤᠮ᠃ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠶᠡᠷᠦᠩᠬᠡᠢ ᠳᠡᠭᠡᠨ ᠤᠷᠤᠭᠰᠢᠲᠠᠢ ᠶᠠᠪᠤᠭᠳᠠᠵᠤ᠂ ᠪᠠᠶᠢᠳᠠᠯ ᠨᠡᠯᠢᠶᠡᠳ ᠰᠠᠶᠢᠨ᠂ ᠡᠨᠡ ᠨᠢ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ | ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠷᠭᠠᠭᠤ ᠬᠠᠲᠠᠭᠤᠵᠢᠯᠲᠠᠢ ᠵᠤᠷᠢᠭᠤᠯᠤᠬᠰᠠᠨ ᠲᠠᠢ ᠨᠢᠭᠲᠠ | ᠬᠤᠯᠪᠣᠭ᠎ᠠ ᠲᠠᠢ ᠶᠤᠮ᠃ ᠭᠡᠪᠡᠴᠦ ᠤᠷᠤᠰᠢᠵᠦ ᠪᠠᠶᠢᠭ᠎ᠠ ᠠᠰᠠᠭᠤᠳᠠᠯ ᠳᠤ ᠴᠤ ᠰᠡᠷᠭᠡᠭ ᠲᠠᠨᠢᠯᠲᠠ ᠲᠠᠢ ᠪᠠᠶᠢᠬᠤ ᠬᠡᠷᠡᠭᠲᠡᠶ᠃ | ᠸᠠᠩ ᠵᠧᠨ ᠬᠠᠢ ᠱᠠᠭᠠᠷᠳᠠᠭᠰᠠᠨ ᠨᠢ᠄ ᠡᠯ᠎ᠡ ᠲᠥᠷᠥᠯ ᠤᠨ ᠠᠰᠠᠭᠤᠳᠠᠯ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠶᠢᠨ | ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠱᠠᠲᠤ ᠱᠠᠲᠤ ᠪᠠᠷ ᠠᠵᠢᠯ ᠢᠶᠠᠨ ᠪᠣᠳᠠᠲᠠᠶᠢᠵᠢᠭᠤᠯᠵᠤ᠂ | ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ︔ ᠡᠯ᠎ᠡ ᠱᠠᠲᠤᠨ ᠤ ᠨᠠᠮ ᠤᠨ ᠬᠤᠷᠢᠶᠠᠨ ᠤ ᠲᠦᠷᠦ ᠶᠢᠨ | ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠢ ᠨᠡᠩ ᠰᠠᠶᠢᠲᠤᠷ ᠵᠢᠯᠣᠭᠤᠳᠬᠤ ᠬᠡᠷᠡᠭᠳᠡᠢ︔ ᠨᠡᠩ ᠪᠦᠲᠦᠮᠵᠢᠲᠡᠢ ᠤᠬᠠᠭᠤᠯᠬᠤ ᠠᠷᠭ᠎ᠠ ᠶᠢ | ᠲᠣᠭᠲᠠᠭᠠᠵᠤ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠳᠤᠯᠭ᠎ᠠ ᠶᠢ ᠣᠶᠢᠯᠠᠭᠠᠬᠤ ᠨᠤᠷᠮ᠎ᠠ ᠶᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠪᠠᠶᠢᠳᠠᠯ ᠢ ᠤᠶᠢᠯᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ | ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠦ᠂ ᠬᠤᠲᠠ ᠶᠢᠨ ᠱᠠᠲᠤᠨ ᠤ ᠵᠢᠯᠣᠭᠤᠳᠬᠤ ᠭᠠᠵᠠᠷ ᠤᠨ ᠪᠦᠬᠦᠯᠢ | ᠴᠣᠭᠴᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠠᠰᠠᠭᠤᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠡᠯ᠎ᠡ | ᠱᠠᠲᠤᠨ ᠤ ᠨᠠᠮ ᠤᠨ ᠬᠤᠷᠢᠶ᠎ᠠ ᠴᠥᠮ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠶᠢᠨ ᠬᠤᠷᠠᠯ ᠬᠢᠬᠦ ᠬᠡᠷᠡᠭᠲᠡᠶ︔ | ᠡᠯ᠎ᠡ ᠲᠥᠷᠥᠯ ᠤᠨ ᠪᠠᠷᠢᠯᠭ᠎ᠠ ᠶᠢ ᠴᠥᠮ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠠᠬᠢᠴᠠ ᠪᠠᠨ | ᠲᠦᠷᠭᠡᠳᠬᠡᠵᠦ᠂ ᠶᠠᠰᠤ ᠴᠢᠨᠠᠷ ᠢ ᠪᠠᠲᠤᠯᠠᠬᠤ ᠬᠡᠷᠡᠭᠲᠡᠶ᠃ | ᠬᠤᠷᠠᠯ ᠳᠡᠭᠡᠷ᠎ᠡ᠂ ᠸᠠᠩ ᠵᠧᠨ ᠬᠠᠢ ᠪᠠᠰᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠥᠳᠡᠭᠡ ᠲᠣᠰᠬᠤᠨ ᠤ | ᠡᠷᠡᠭᠦᠯ ᠬᠠᠮᠠᠭᠠᠯᠠᠯ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ | ᠭᠤᠤᠯᠳᠠᠯᠭ᠎ᠠ ᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠤᠷᠴᠢᠭᠤᠯᠤᠬᠴᠢ᠄ ᠼᠦᠢ ᠶᠢᠩ | |