| 3 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠠᠷᠪᠠᠨ | ᠭᠤᠷᠪᠠᠳᠤᠭᠠᠷ ᠤᠳᠠᠭᠠᠨ ᠤ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ | ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠬᠤᠷᠢᠶ᠎ᠠ ᠶᠢᠨ ᠡᠷᠬᠢᠯᠡᠭᠴᠢ ᠭᠦᠸᠧ ᠸᠧᠨ ᠵᠢᠶᠧ ᠨᠥᠬᠦᠷ ᠬᠤᠷᠠᠯ ᠡᠷᠭᠢᠯᠡᠵᠦ᠂ ᠤᠳᠤᠷᠢᠳᠬᠤ ᠪᠠᠭ ᠤᠨ | ᠪᠦᠷᠢᠯᠳᠦᠬᠦᠨ᠂ ᠪᠠᠶᠢᠭᠤᠯᠭ᠎ᠠ ᠶᠢᠨ ᠪᠥᠬᠦ ᠺᠠᠳ᠋ᠷ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ | ᠡᠷᠬᠢᠯᠡᠭᠴᠢ ᠨᠠᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠨᠥᠬᠦᠷ ᠤᠨ ᠬᠤᠲᠠ ᠶᠢᠨ | ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢ ᠲᠦᠯᠦᠬᠡᠯᠡᠨ ᠬᠢᠭᠰᠡᠨ ︽ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠮᠡᠳᠡᠭᠦᠯᠦᠯᠲᠡ︾ ᠪᠣᠯᠤᠨ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ | ᠢᠯᠠᠯᠲᠠ ᠶᠢ ᠣᠯᠬᠤ ᠶᠢᠨ ᠲᠥᠯᠥᠭᠡ ᠴᠢᠷᠮᠠᠶᠢᠨ ᠲᠡᠮᠡᠴᠡᠶ᠎ᠡ︾ ᠭᠡᠬᠦ ᠰᠡᠳᠤᠪᠳᠤ ᠶᠠᠷᠢᠶ᠎ᠠ᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠹᠧᠩᠵᠧᠨ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠭᠤᠷᠪᠠᠳᠤᠭᠠᠷ | ᠪᠥᠬᠦᠳᠡ ᠬᠤᠷᠠᠯ ᠤᠨ ᠰᠢᠢᠳᠪᠦᠷᠢ︾ ᠶᠢ ᠤᠯᠠᠮᠵᠢᠯᠠᠨ ᠰᠤᠷᠤᠯᠴᠠᠪᠠ᠃ | ᠭᠦᠸᠧ ᠸᠧᠨ ᠵᠢᠶᠧ ᠱᠦᠵᠢ ᠱᠠᠭᠠᠷᠳᠠᠭᠰᠠᠨ ᠨᠢ᠂ ᠬᠤᠷᠠᠯ ᠤᠨ ᠳᠠᠷᠠᠭ᠎ᠠ ᠡᠯ᠎ᠡ ᠨᠡᠶᠢᠭᠡᠮ ᠲᠣᠭᠤᠷᠢᠭ ᠴᠠᠭ | ᠲᠤᠬᠠᠶ ᠳᠤ ᠪᠠᠨ ᠬᠤᠷᠠᠯ ᠬᠤᠷᠠᠯᠳᠤᠭᠤᠯᠵᠤ᠂ ᠨᠡᠶᠢᠭᠡᠮ ᠲᠣᠭᠤᠷᠢᠭ ᠤᠨ ᠺᠠᠳ᠋ᠷ᠂ ᠵᠡᠭᠡᠯᠢ ᠭᠤᠳᠤᠮᠵᠢ ᠶᠢᠨ ᠺᠠᠳ᠋ᠷ᠂ | ᠰᠦᠯᠵᠢᠶ᠎ᠡ ᠴᠡᠭ ᠵᠡᠷᠭᠡ ᠪᠠᠷ ᠳᠠᠮᠵᠢᠭᠤᠯᠤᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠠᠷᠪᠠᠨ ᠭᠤᠷᠪᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠸᠠᠩ ᠵᠧᠨ | ᠬᠠᠶ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠠᠷᠢᠶ᠎ᠠ ᠣᠷᠣᠨ ᠤ ᠡᠷᠦᠬᠡ ᠪᠦᠷᠢ᠂ ᠬᠥᠮᠦᠨ ᠨᠢᠭᠡᠪᠦᠷᠢ ᠳᠤ | ᠤᠯᠠᠮᠵᠢᠯᠠᠬᠤ ᠬᠡᠷᠡᠭᠲᠡᠶ︔ ᠺᠠᠳ᠋ᠷ ᠠᠵᠢᠯᠳᠠᠨ ᠨᠢᠭᠡᠪᠦᠷᠢ ᠢᠮᠠᠭᠲᠠ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ | ᠰᠠᠨᠠᠭᠠᠨ ᠤ ᠳᠦᠷᠰᠦ ᠪᠠᠶᠢᠳᠠᠯ ᠢ ᠪᠠᠲᠤᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠡᠨᠡ ᠤᠳᠠᠭ᠎ᠠ ᠶᠢᠨ ᠪᠦᠬᠦ ᠭᠡᠰᠢᠭᠦᠳ ᠤᠨ | ᠬᠤᠷᠠᠯ ᠢᠶᠠᠷ ᠰᠢᠨ᠎ᠡ ᠡᠬᠢᠯᠡᠯᠳᠡ ᠪᠤᠯᠭᠠᠵᠦ᠂ ᠥᠷᠯᠥᠭᠡ ᠦᠳᠡᠰᠢ ᠶᠢ ᠤᠷᠢᠯᠳᠤᠨ ᠲᠡᠮᠡᠴᠡᠵᠦ᠂ ᠬᠦᠴᠦᠯᠡᠨ ᠴᠢᠷᠮᠠᠶᠢᠨ | ᠂ ︽ᠭᠤᠷᠪᠠᠨ ᠶᠡᠭᠡ ᠪᠣᠭᠤᠮᠲᠠ ᠰᠢᠪᠳᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠵᠤ᠂ ᠦᠵᠡᠰᠬᠦᠯᠡᠩᠲᠦ | ᠰᠠᠶᠢᠬᠠᠨ᠂ ᠪᠠᠶᠠᠨ ᠴᠢᠨᠡᠭᠡᠯᠢᠭ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠢᠯᠡᠰ ᠡᠷᠬᠢᠯᠡᠬᠦ ᠳᠤ ᠲᠣᠬᠢᠷᠠᠮᠵᠢᠲᠠᠢ | ᠪᠠᠶᠠᠨ ᠲᠠᠩᠰᠤᠭ ᠹᠧᠩᠵᠧᠨ ᠢ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ︕ | ᠤᠷᠴᠢᠭᠤᠯᠤᠬᠴᠢ᠄ ᠼᠦᠢ ᠶᠢᠩ |