| ︽ᠭᠤᠤᠯ ᠤᠨ ᠳᠠᠷᠤᠭ᠎ᠠ ᠶᠢᠨ ᠲᠦᠷᠢᠮ︾ ᠤᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ | ᠲᠥᠯᠥᠭᠡ᠂ ᠠᠵᠦ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ | ᠱᠦᠵᠢ᠂ ᠶᠡᠷᠦᠩᠬᠡᠶ ᠭᠤᠤᠯ ᠤᠨ ᠳᠠᠷᠤᠭ᠎ᠠ ᠬᠦᠸᠧ ᠸᠧᠨ ᠵᠢᠶᠧ ᠨᠥᠬᠦᠷ ᠪᠣᠯᠤᠨ ᠵᠡᠭᠡᠯᠢ ᠭᠤᠳᠤᠮᠵᠢ ᠶᠢᠨ ᠵᠡᠪᠰᠡᠭᠲᠦ | ᠬᠦᠴᠦᠨ ᠤ ᠬᠡᠯᠲᠡᠰ ᠤᠨ ᠳᠠᠷᠤᠭ᠎ᠠ᠂ ᠭᠤᠤᠯ ᠤᠨ ᠳᠠᠷᠤᠭ᠎ᠠ ᠵᠠᠩ ᠪᠢᠩ ᠪᠢᠩ ᠨᠥᠬᠦᠷ 3 ᠰᠠᠷ᠎ᠠ ᠶᠢᠨ 20 ᠤ ᠡᠳᠦᠷ | ᠾᠸᠢ ᠾᠧ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠲᠦᠸᠧ ᠰᠢᠤ ᠯᠦ ᠨᠡᠶᠢᠭᠡᠮ | ᠲᠣᠭᠤᠷᠢᠭ ᠢ ᠲᠣᠭᠤᠷᠢᠨ ᠪᠠᠶᠢᠴᠠᠭᠠᠬᠤ ᠶᠠᠪᠤᠴᠠ ᠳᠤ᠂ ᠭᠤᠤᠯ ᠤᠨ ᠵᠠᠮ ᠤᠨ ᠬᠤᠭ ᠨᠣᠪᠰᠢ ᠵᠢᠴᠢ ᠬᠥᠪᠪᠥᠮᠡᠯ | ᠪᠣᠳᠠᠰ᠂ ᠡᠯᠳᠡᠪ ᠪᠣᠳᠠᠰ ᠣᠯᠠᠨ ᠪᠠᠶᠢᠵᠤ᠂ ᠦᠮᠡᠬᠡᠶ ᠦᠨᠦᠷ ᠭᠠᠷᠴᠦ᠂ ᠡᠷᠬᠢᠨ ᠲᠣᠭᠤᠷᠢᠨ ᠤ ᠰᠠᠭᠤᠭᠠᠯᠢ | ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠬᠦᠨᠳᠦ ᠨᠣᠴᠢᠲᠠᠶ ᠨᠦᠯᠦᠬᠡᠯᠡᠵᠦ ᠪᠠᠶᠢᠬᠤ ᠶᠢ ᠣᠯᠵᠤ ᠮᠡᠳᠡᠭᠡᠳ | ᠂ ᠪᠠᠴᠢᠮ ᠪᠠᠶᠢᠷᠢᠯᠠᠭᠤᠯᠤᠯᠲᠠ ᠪᠠᠷ ᠳᠡᠮᠵᠢᠨ᠂ ᠨᠠᠷᠢᠨ ᠨᠢᠮᠪᠠᠶ ᠲᠤᠬᠢᠷᠠᠭᠤᠯᠵᠦ᠂ 3 ᠰᠠᠷ᠎ᠠ ᠶᠢᠨ 21 ᠤ ᠡᠳᠦᠷ᠂ | ᠨᠢᠭᠡ ᠮᠠᠯᠲᠠᠭᠤᠷ ᠮᠠᠰᠢᠨ᠂ ᠨᠢᠬᠡ ᠡᠷᠭᠦᠭᠦᠷ ᠲᠡᠷᠭᠡ᠂ ᠭᠤᠷᠪᠠᠨ ᠲᠣᠩᠭᠤᠷᠴᠠᠭᠲᠤ ᠭᠤᠷᠪᠠᠨ ᠬᠦᠷᠳᠦᠲᠦ ᠲᠡᠷᠭᠡ ᠶᠢ | ᠲᠦᠷᠢᠶᠡᠰᠦᠯᠡᠨ ᠬᠡᠷᠡᠭᠯᠡᠵᠦ᠂ ᠠᠷᠪᠠ ᠭᠠᠷᠤᠢ ᠬᠥᠮᠦᠨ ᠢ ᠬᠥᠯᠥᠰᠥᠯᠡᠨ ᠾᠸᠢ ᠾᠧ ᠠᠵᠤ ᠦᠢᠯᠡᠳᠪᠦᠷᠢ ᠶᠢᠨ | ᠲᠣᠭᠤᠷᠢᠭ ᠤᠨ ᠵᠡᠭᠡᠯᠢ ᠭᠤᠳᠤᠮᠵᠢ ᠶᠢᠨ ᠴᠢᠷᠦᠭᠦᠯ ᠵᠠᠮ ᠤᠨ ᠬᠡᠰᠡᠭ ᠤᠨ ᠭᠤᠣᠯ ᠤᠨ ᠵᠠᠮ ᠢ ᠴᠡᠪᠡᠷᠯᠡᠬᠦ ᠠᠵᠢᠯ ᠢ | ᠥᠷᠨᠢᠭᠦᠯᠪᠡ᠃ ᠭᠤᠷᠪᠠᠨ ᠡᠳᠦᠷ ᠤᠨ ᠪᠠᠴᠢᠮ ᠠᠵᠢᠯᠯᠠᠬᠤ ᠪᠠᠷ ᠳᠠᠮᠵᠢᠭᠠᠳ ᠡᠴᠦᠰ ᠲᠡᠭᠡᠨ ᠭᠤᠣᠯ ᠤᠨ ᠵᠠᠮ ᠤᠨ | ᠬᠤᠭ ᠨᠣᠪᠰᠢ ᠶᠢ ᠪᠦᠬᠦᠨ ᠢ ᠴᠡᠪᠡᠷᠯᠡᠨ᠂ ᠭᠤᠣᠯ ᠤᠨ ᠵᠠᠮ ᠤᠨ ᠳᠦᠷᠰᠦ ᠪᠠᠶᠢᠳᠠᠯ ᠢ ᠭᠤᠶᠣᠯᠠᠵᠤ᠂ ᠭᠤᠣᠯ ᠳᠠᠭᠠᠤ | ᠰᠠᠭᠤᠭᠠᠯᠢ ᠠᠷᠠᠳ ᠲᠤ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ᠂ ᠣᠷᠴᠢᠨ ᠲᠣᠭᠤᠷᠢᠨ ᠢ ᠬᠠᠮᠠᠭᠠᠯᠠᠬᠤ | ᠦᠯᠢᠭᠡᠷ ᠲᠠᠭᠤᠷᠢᠶᠠᠯ ᠢ ᠪᠤᠢ ᠪᠣᠯᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠤᠲᠠᠯᠠᠯᠲᠠ ᠶᠢ ᠣᠯᠤᠭᠰᠠᠨ | ᠪᠠᠶᠢᠨ᠎ᠠ᠃ | 3 ᠰᠠᠷ᠎ᠠ ᠶᠢᠨ 11 ᠤ ᠡᠳᠦᠷ ᠠᠴᠠ ᠨᠠᠰᠢ᠂ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ | ᠭᠤᠤᠯ ᠤᠨ ᠵᠠᠮ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠢᠳᠡᠪᠬᠢᠲᠡᠶ ᠦᠷᠨᠢᠬᠦᠯᠵᠦ᠂ ᠬᠠᠷᠢᠶᠠᠲᠤ ᠣᠷᠣᠨ ᠤ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠪᠤᠯᠤᠩ᠂ ᠬᠤᠭ | ᠨᠣᠪᠰᠢ᠂ ᠭᠤᠤᠯ ᠤᠨ ᠵᠠᠮ ᠤᠨ ᠡᠷᠬᠢᠨ ᠲᠣᠭᠤᠷᠢᠨ ᠢ ᠲᠥᠪᠯᠡᠷᠡᠭᠦᠯᠦᠨ ᠴᠡᠪᠡᠷᠯᠡᠵᠦ᠂ ᠭᠤᠤᠯ ᠤᠨ ᠵᠠᠮ ᠤᠨ ᠬᠤᠶᠠᠷ | ᠡᠷᠭᠢ ᠶᠢᠨ ᠬᠤᠭ ᠨᠣᠪᠰᠢ ᠶᠢ ᠪᠦᠬᠦᠨ ᠢ ᠴᠡᠪᠡᠷᠯᠡᠨ ᠲᠡᠭᠡᠭᠡᠪᠦᠷᠢᠯᠡᠵᠦ᠂ ᠭᠤᠤᠯ ᠤᠨ ᠵᠠᠮ ᠤᠨ ᠰᠠᠭᠠᠳ ᠥᠬᠡᠶ | ᠨᠡᠪᠲᠡᠷᠡᠬᠦ ᠶᠢ ᠦᠨᠡᠨ ᠬᠦ ᠪᠠᠲᠤᠯᠠᠪᠠ᠃ | ᠤᠷᠴᠢᠭᠤᠯᠤᠬᠴᠢ᠄ ᠼᠦᠢ ᠶᠢᠩ |